ᠷᠠᠰᠢᠶᠠᠨ ᠬᠤᠲᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
      3 ᠰᠠᠷ᠎ᠠ ᠶᠢᠨ 19 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠬᠠᠨ ᠴᠠᠩ ᠵᠢᠦ ᠷᠠᠰᠢᠶᠠᠨ ᠬᠤᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠠᠶᠢᠮᠠᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠷᠣᠨ᠂ ᠠᠶᠢᠮᠠᠭ ᠬᠤᠶᠠᠷ ᠱᠠᠲᠤᠨ ᠤ ᠬᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾  ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠣᠨ᠂ ᠬᠠᠮᠢᠶ᠎ᠠ ᠪᠦᠬᠦᠢ ᠳᠦᠷᠢᠮ ᠲᠣᠭᠲᠠᠭᠠᠯ ᠢ ᠲᠣᠭᠲᠠᠭᠠᠵᠣ᠂ ᠬᠤᠳᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠷᠣᠨ ᠠᠶᠢᠮᠠᠭ ᠬᠤᠶᠠᠷ ᠱᠠᠲᠤᠨ ᠤ ᠬᠢᠨ ᠲᠠᠢ ᠵᠣᠯᠭᠠᠭᠤᠯᠵᠤ᠂ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠪᠥᠭᠡᠳ ᠳᠣᠣᠷ᠎ᠠ ᠨᠢ ᠠᠯᠪᠠᠨ ᠭᠡᠷ ᠲᠣᠬᠢᠷᠡᠭᠤᠯᠵᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠦᠷᠦᠭᠦᠯᠡᠨ ᠶᠡᠷᠦᠩᠬᠡᠢ ᠠᠵᠢᠯ ᠢ ᠴᠢᠩᠭᠠᠳᠬᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠯᠥᠭᠡᠯᠡᠭᠴᠢ ᠭᠡᠰᠢᠭᠦᠳ ᠦᠢᠯᠡᠴᠢᠯᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠣᠨ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠯᠥᠭᠡᠯᠡᠭᠴᠢ ᠭᠡᠰᠢᠭᠦᠳ ᠢ ᠠᠩᠬᠠᠷᠤᠯ ᠪᠡ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ᠂ ᠪᠣᠬᠢᠷᠲᠤᠯ ᠦᠭᠡᠢ ᠵᠢᠵᠢᠭ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ  ᠲᠠᠢ ᠠᠵᠢᠯ ᠵᠢᠴᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠠᠨ ᠤ ᠠᠵᠢᠯ ᠢ ᠰᠠᠶᠢᠲᠤᠷ ᠬᠢᠬᠦ ᠶᠢ ᠬᠥᠲᠥᠯᠥᠨ ᠵᠢᠯᠣᠭᠤᠳᠬᠤ ᠭᠡᠷᠡᠭᠳᠡᠢ᠃ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ ᠶᠢᠨ ᠰᠢᠨ᠎ᠡ ᠶᠢ ᠡᠭᠦᠳᠣᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠨᠡᠩ ᠰᠠᠶᠢᠳᠣᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠠᠬᠢᠭᠤᠯᠵᠤ᠂ ᠬᠢᠨᠠᠯᠲᠠ ᠲᠠᠯᠪᠢᠬᠤ ᠶᠢ ᠥᠷᠨᠢᠭᠦᠯᠵᠦ᠂  ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠡᠭᠦᠷᠭᠡ ᠴᠢᠳᠠᠪᠬᠢ ᠪᠠᠨ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠵᠡᠢ᠃      ᠬᠤᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠪᠠ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号