ᠷᠠᠰᠢᠶᠠᠨ ᠨᠢᠰᠬᠡᠯ ᠤᠨ ᠪᠠᠭᠤᠳᠠᠯ ᠮᠥᠰᠥ ᠴᠠᠰᠤ ᠶᠢ ᠠᠷᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/20
     ᠣᠶᠢᠷ᠎ᠠ ᠳᠤ᠂ ᠷᠠᠰᠢᠶᠠᠨ ᠳᠤ ᠬᠦᠢᠲᠡᠨ ᠠᠭᠠᠷ ᠤᠨ ᠨᠥᠯᠥᠭᠡᠯᠡᠯ ᠢᠶᠠᠷ ᠶᠡᠭᠡ ᠬᠡᠪᠴᠢᠶ᠎ᠡ ᠪᠠᠷ ᠴᠠᠰᠤ ᠣᠷᠣᠵᠡᠢ᠃ ᠠᠶᠠᠨᠴᠢᠳ ᠤᠨ ᠠᠮᠤᠷ ᠲᠦᠪᠰᠢᠨ ᠢᠶᠠᠷ ᠠᠶᠠᠯᠠᠬᠤ ᠶᠢ ᠰᠠᠶᠢᠲᠤᠷ  ᠪᠠᠳᠣᠯᠠᠬᠤ ᠶᠢᠨ ᠲᠥᠯᠥᠭᠡ᠂ ᠷᠠᠰᠢᠶᠠᠨ ᠨᠢᠰᠬᠡᠯ ᠤᠨ ᠪᠠᠭᠤᠳᠠᠯ ᠮᠥᠰᠥ ᠴᠠᠰᠤ ᠠᠷᠢᠯᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃      ᠷᠠᠰᠢᠶᠠᠨ ᠤ ᠨᠢᠰᠬᠡᠯ ᠤᠨ ᠪᠠᠭᠤᠳᠠᠯ ᠢ ᠦᠷᠭᠦᠯᠵᠢᠯᠡᠨ ᠨᠡᠭᠡᠭᠡᠵᠦ᠂ ᠡᠭᠡᠯᠵᠢ ᠶᠢᠨ ᠨᠢᠰᠬᠡᠯ ᠢ ᠡᠮᠬᠢ ᠵᠢᠷᠤᠮ ᠲᠠ᠊ ᠰᠠᠭᠠᠳ ᠦᠭᠡᠢ ᠨᠡᠪᠳᠡᠷᠡᠬᠦᠯᠬᠦ ᠶᠢᠨ ᠲᠥᠯᠥᠭᠡ᠂ ᠷᠠᠰᠢᠶᠠᠨ ᠤ ᠨᠢᠰᠬᠡᠯ ᠤᠨ ᠪᠠᠭᠤᠳᠠᠯ ᠴᠠᠰᠤ ᠠᠷᠢᠯᠭᠠᠬᠤ ᠲᠡᠷᠭᠡ 4᠂ ᠤᠳᠬᠤᠭᠤᠷ ᠲᠡᠷᠭᠡ 1᠂ ᠴᠠᠰᠤ ᠲᠡᠭᠡᠭᠡᠪᠣᠷᠢᠯᠠᠬᠦ ᠲᠡᠷᠭᠡ 1 ᠲᠣᠬᠢᠷᠡᠭᠤᠯᠬᠤ ᠶᠢᠨ ᠬᠠᠮᠳᠣ ᠨᠢᠰᠬᠡᠯ ᠤᠨ ᠪᠠᠭᠤᠳᠠᠯ ᠤᠨ 30 ᠭᠠᠷᠤᠢ ᠠᠵᠢᠯᠲᠠᠨ ᠢ ᠵᠣᠬᠢᠶᠠᠨ ᠪᠠᠶᠢᠭᠤᠯᠤᠨ ᠬᠥᠮᠥᠨ ᠤ ᠬᠦᠴᠦ ᠪᠠᠷ ᠴᠠᠰᠤ ᠠᠷᠢᠯᠭᠠᠵᠤ᠂ ᠨᠢᠰᠬᠡᠯ ᠤᠨ ᠲᠠᠯᠠᠪᠡᠢ ᠶᠢᠨ ᠭᠦᠶᠦᠯᠲᠡ ᠶᠢᠨ ᠵᠠᠮ᠂ ᠭᠤᠯᠭᠤᠬᠤ ᠵᠠᠮ᠂ ᠨᠢᠰᠬᠡᠯ ᠤᠨ ᠵᠣᠭᠰᠣᠭᠠᠯ᠂ ᠨᠢᠰᠬᠡᠯ ᠤᠨ ᠪᠠᠭᠤᠳᠠᠯ ᠤᠨ ᠡᠯ᠎ᠡ ᠵᠠᠮ ᠢ ᠴᠡᠪᠡᠷᠯᠡᠬᠦ ᠪᠠ ᠴᠠᠰᠤ ᠠᠷᠢᠯᠭᠠᠬᠤ ᠠᠵᠢᠯ ᠢ ᠲᠦᠷᠭᠡᠨ ᠪᠡᠶᠡᠯᠡᠭᠦᠯᠵᠡᠢ᠃      ᠮᠥᠰᠥ ᠴᠠᠰᠤ ᠶᠢ ᠠᠷᠢᠯᠭᠠᠬᠤ ᠠᠵᠢᠯ ᠪᠣᠯ ᠷᠠᠰᠢᠶᠠᠨ ᠨᠢᠰᠬᠡᠯ ᠤᠨ ᠪᠠᠭᠤᠳᠠᠯ ᠤᠨ ᠡᠪᠦᠯ ᠤᠨ ᠤᠯᠠᠷᠢᠯ ᠤᠨ ᠠᠵᠢᠯᠯᠠᠭᠠᠨ ᠤ ᠭᠤᠣᠯ ᠠᠵᠢᠯ ᠪᠣᠯᠣᠨ᠎ᠠ᠂ ᠷᠠᠰᠢᠶᠠᠨ ᠨᠢᠰᠬᠡᠯ ᠤᠨ ᠪᠠᠭᠤᠳᠠᠯ ᠴᠠᠰᠤ ᠠᠷᠢᠯᠭᠠᠬᠤ ᠡᠯᠪᠡᠭ ᠪᠠᠶᠠᠯᠢᠭ ᠲᠤᠷᠰᠢᠯᠭ᠎ᠠ ᠪᠠᠨ ᠬᠤᠷᠠᠮᠳᠤᠭᠤᠯᠵᠤ᠂ ᠮᠥᠰᠥ ᠴᠠᠰᠤ ᠶᠢ ᠠᠷᠢᠯᠭᠠᠬᠤ ᠤᠯᠠᠨ ᠢᠵᠢ ᠲᠥᠰᠥᠯ ᠢ ᠲᠣᠭᠲᠠᠭᠠᠪᠠ᠃  ᠲᠠᠷᠡᠭᠠᠴᠢ ᠪᠠᠷ ᠳᠤ ᠨᠢᠰᠬᠡᠯ ᠤᠨ ᠪᠠᠭᠤᠳᠠᠯ ᠤᠨ ᠺᠣᠮᠫᠠᠨᠢ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ  ᠬᠠᠷᠢᠯᠴᠠᠭ᠎ᠠ ᠪᠠᠨ ᠦᠷᠭᠦᠯᠵᠢᠯᠡᠨ ᠰᠠᠶᠢᠲᠤᠷ ᠬᠢᠵᠦ᠂ ᠮᠥᠰᠥ ᠴᠠᠰᠤ ᠶᠢ ᠠᠷᠢᠯᠭᠠᠬᠤ ᠪᠡᠯᠡᠳᠬᠡᠯ ᠲᠥᠰᠥᠯ ᠢ ᠴᠠᠭ ᠲᠤᠬᠠᠢ ᠳᠤᠨᠢ ᠡᠬᠢᠯᠡᠭᠦᠯᠵᠦ᠂ ᠨᠢᠰᠬᠡᠯ ᠤᠨ ᠪᠠᠭᠤᠳᠠᠯ ᠤᠨ ᠮᠥᠰᠥ ᠴᠠᠰᠤ ᠶᠢ ᠠᠷᠢᠯᠭᠠᠬᠤ ᠠᠵᠢᠯ ᠢ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠷ ᠪᠡᠶᠡᠯᠡᠭᠦᠯᠣᠨ᠂ ᠠᠶᠠᠨᠴᠢᠳ ᠲᠤ ᠠᠮᠤᠷ ᠲᠦᠪᠰᠢᠨ ᠲᠠᠭᠠᠯᠠᠮᠵᠢᠲᠠᠢ ᠠᠶᠠᠯᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号