​ ᠤᠮᠠᠷᠠᠳᠦ ᠬᠢᠯᠢ ᠶᠢᠨ ᠠᠮᠢ ᠠᠬᠤᠢ ᠶᠢᠨ ᠪᠠᠳᠦ ᠬᠠᠮᠠᠭᠠᠯᠠᠬᠴᠢ — ᠵᠸᠦ ᠶᠦᠡᠭ ᠼᠠᠢ
ᠨᠡᠶᠢᠲᠡᠯᠡᠭᠰᠡᠨ ᠴᠠᠭ᠄
2024/3/21
     ᠡᠭᠡ ᠤᠯᠤᠰ ᠤᠨ ᠤᠮᠠᠷᠠᠳᠦ ᠬᠢᠯᠢ ᠪᠠᠷ ᠨᠢᠭᠡ ᠪᠦᠯᠦᠭ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠪᠠᠷ ᠳᠡᠷᠬᠠᠨ ᠡᠬᠦᠷᠭᠡ ᠪᠠᠨ ᠪᠤᠯᠭᠠᠵᠦ᠂ ᠤᠷᠢ ᠵᠠᠯᠠᠭᠤ ᠨᠠᠰᠦᠨ ᠠᠴᠠ ᠪᠠᠨ ᠦᠰᠦ ᠪᠠᠨ ᠴᠠᠶᠢᠯᠭᠠᠳᠠᠯ᠎ᠠ ᠪᠤᠳᠠᠳᠠᠢ ᠠᠵᠢᠯᠯᠠᠭ᠎ᠠ ᠪᠠᠷ ᠢᠶᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ ᠶᠠᠪᠤᠭ᠎ᠠ ᠬᠠᠮᠠᠭᠠᠯᠠᠬᠴᠢ ᠪᠤᠢ᠃ ᠳᠡᠳᠡ ᠨᠠᠷ ᠪᠤᠯ ᠳᠠᠷᠤᠢ ᠬᠢᠨᠭ᠍ᠭᠠᠨ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠪᠠᠢ ᠯᠠᠩ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠬᠤᠪᠢᠶᠠᠷᠢ ᠳᠤᠪᠴᠢᠶ᠎ᠠ ᠶᠢᠨ ᠴᠠᠬᠳᠠᠭ᠎ᠠ ᠪᠤᠯᠤᠨ᠎ᠠ᠂ ᠳᠡᠳᠡ ᠢᠳᠡᠷᠡᠬᠦᠨ ᠠᠯᠬᠤᠭ᠎ᠠ ᠪᠠᠷ ᠢᠶᠠᠨ ᠬᠠᠷᠢᠶᠠᠨ ᠳᠠᠬᠢ ᠰᠢᠭᠤᠶᠢᠳᠦ ᠤᠷᠤᠨ ᠤ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠦ᠂ ᠰᠠᠯᠬᠢ ᠪᠤᠷᠤᠭᠠᠨ ᠴᠠᠰᠦ ᠰᠢᠭᠤᠷᠭ᠎ᠠ ᠶᠢ ᠬᠠᠶᠢᠬᠤᠷᠤᠯ ᠦᠭᠡᠢ ᠴᠠᠬᠳᠠᠨ ᠪᠠᠶᠢᠴᠠᠭᠠᠵᠦ ᠶᠠᠪᠤᠭ᠎ᠠ ᠶᠤᠮ᠃      ᠪᠠᠢ ᠯᠠᠩ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠬᠤᠪᠢᠶᠠᠷᠢ ᠳᠤᠪᠴᠢᠶ᠎ᠠ ᠶᠢᠨ ᠠᠷᠠᠳ ᠤᠨ ᠴᠠᠬᠳᠠᠭ᠎ᠠ ᠵᠸᠦ ᠶᠦᠡᠭ ᠼᠠᠢ ᠪᠤᠯ ᠳᠠᠷᠤᠢ ᠵᠠᠯᠠᠭᠤ ᠨᠠᠰᠦ ᠠᠴᠠ ᠪᠠᠨ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠦᠢᠯᠡᠰ ᠲᠤ ᠬᠦᠴᠦᠨ ᠴᠢᠳᠡᠯ ᠢᠶᠠᠨ ᠬᠠᠷᠠᠮ ᠦᠭᠡᠢ ᠵᠤᠷᠢᠭᠤᠯᠤᠨ᠂ ᠡᠬᠦᠷᠭᠡ ᠬᠠᠷᠢᠭᠤᠴᠠᠯᠭ᠎ᠠ ᠪᠠᠨ ᠪᠠᠳᠤᠳᠬᠠᠵᠦ ᠶᠠᠪᠤᠭ᠎ᠠ ᠨᠡᠶᠢᠳᠡᠯᠢᠭ ᠵᠢᠱᠢᠶ᠎ᠠ ᠪᠤᠯᠬᠤ ᠶᠤᠮ᠃      1997 ᠣᠨ ᠳᠤ᠂ 25 ᠨᠠᠰᠤᠲᠠᠶ ᠵᠧᠤ ᠶᠦᠩ ᠼᠠᠢ ᠪᠠᠶ ᠯᠠᠩ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠳᠤ ᠠᠵᠢᠯ ᠤᠨ ᠭᠠᠷᠤᠭ᠎ᠠ ᠪᠠᠨ ᠠᠪᠴᠦ᠂ ᠤᠮᠠᠷᠠᠳᠦ ᠬᠢᠯᠢ ᠶᠢᠨ ᠤᠢ ᠰᠢᠭᠤᠢ ᠨᠤᠳᠤᠬ ᠳᠡᠪᠢᠰᠭᠡᠷ ᠤᠨ ᠠᠮᠤᠷ ᠲᠦᠪᠰᠢᠨ ᠵᠢᠴᠢ ᠤᠮᠠᠷᠠᠳᠦ ᠬᠢᠯᠢ ᠶᠢᠨ ᠵᠢᠵᠢᠭ ᠪᠠᠯᠭᠠᠰᠦ ᠶᠢᠨ ᠠᠮᠤᠷ ᠳᠤᠬᠳᠠᠭᠤᠨ ᠤ ᠳᠠᠷᠬᠠᠨ ᠬᠠᠮᠠᠭᠠᠯᠠᠬᠴᠢ ᠪᠤᠯᠤᠬᠰᠠᠨ ᠪᠠᠶᠢᠨ᠎ᠠ᠃ 27 ᠵᠢᠯ ᠤᠨ ᠲᠤᠷᠰᠢ᠂ ᠳᠡᠷᠡ ᠡᠳᠦᠷ ᠪᠦᠷᠢ 15 ᠺᠢᠯᠤᠮᠧᠲᠷ ᠤᠨ ᠠᠭᠤᠯᠠᠨ ᠵᠠᠮ ᠢᠶᠠᠷ ᠠᠮᠢ ᠠᠬᠤᠢ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠠᠷᠢᠶᠠᠨ ᠳᠠᠬᠢ ᠠᠭᠤᠯᠠ ᠳᠠᠪᠠᠭ᠎ᠠ᠂ ᠤᠢ ᠮᠤᠳᠦ ᠂ ᠭᠤᠤᠯ ᠮᠦᠷᠠᠨ ᠨᠢᠭᠡ ᠪᠦᠷᠢ ᠶᠢ ᠠᠯᠠᠭᠠᠨ ᠵᠢᠷᠤᠭᠠᠰᠦ ᠪᠠᠨ ᠰᠢᠬ ᠰᠠᠶᠢᠨ ᠮᠡᠳᠡᠵᠦ᠂ ᠪᠠᠢ ᠯᠠᠩ ᠪᠠᠯᠭᠠᠰᠤᠨ ᠤ ᠰᠢᠭᠤᠶᠢᠳᠦ ᠤᠷᠤᠨ ᠤ ︽ᠠᠮᠢᠳᠤ ᠭᠠᠵᠠᠷ ᠤᠨ ᠵᠢᠷᠤᠭ︾ ᠪᠣᠯᠤᠭᠰᠠᠨ ᠪᠠᠶᠢᠨ᠎ᠠ᠃      ︽ᠴᠠᠭᠳᠠᠭ᠎ᠠ ᠨᠥᠬᠦᠷ ᠡ᠂ ᠮᠢᠨᠦ ᠡ᠊ᠨᠳᠡ ᠵᠠᠮᠴᠢᠯᠠᠭᠴᠢ ᠶᠢᠨ ᠳᠣᠬᠢᠶ᠎ᠠ ᠦᠭᠡᠶ᠂ ᠪᠢ ᠪᠠᠰᠠ ᠰᠢᠷᠬᠠᠲᠤᠵᠦ᠂ ᠪᠣᠳᠠᠲᠠᠶ ᠣᠷᠣᠨ ᠪᠠᠶᠢᠷᠢ ᠪᠠᠨ ᠮᠡᠳᠡᠬᠦ ᠦᠭᠡᠶ ᠪᠤᠯᠵᠠᠢ᠂ ᠤᠶᠢᠷ᠎ᠠ ᠤᠷᠴᠢᠮ ᠤᠢ ᠮᠤᠳᠦ ᠠᠴᠠ ᠤᠨᠳᠤᠤ ᠶᠠᠭᠤᠮ᠎ᠠ ᠦᠭᠡᠢ︾ ᠭᠡᠵᠦ 2022 ᠣᠨ ᠤ 7 ᠰᠠᠷ᠎ᠠ ᠶᠢᠨ ᠨᠢᠭᠡᠨ ᠪᠣᠷᠣᠭᠠᠨᠳᠦ ᠰᠥᠨᠢ ᠵᠧᠦ ᠶᠦᠩ ᠼᠠᠢ ᠨᠢᠭᠡᠨ ᠮᠦᠬᠦ ᠳᠡᠬᠦᠬᠦ ᠪᠠᠷ ᠶᠠᠪᠤᠭ᠎ᠠ ᠠᠷᠠᠳ ᠰᠢᠭᠤᠶᠢᠳᠦ ᠤᠷᠤᠨ ᠢᠶᠠᠷ ᠲᠦᠭᠡᠷᠢᠭᠰᠡᠨ ᠮᠡᠳᠡᠭᠦᠯᠦᠯᠲᠡ ᠶᠢ ᠲᠤᠰᠤᠬᠰᠠᠨ ᠪᠠᠶᠢᠨ᠎ᠠ᠃ ᠳᠡᠷᠡ ︽ᠮᠦᠬᠦ ᠶᠡᠷᠦ ᠨᠢ ᠥᠷᠭᠡᠨ ᠨᠠᠪᠴᠢᠲᠤ ᠣᠶ ᠳᠤ ᠤᠷᠭᠤᠳᠠᠭ᠂ ᠮᠢᠨᠦ ᠪᠤᠳᠤᠬᠤ ᠪᠠᠷ ᠡᠨᠡ ᠬᠦᠮᠦᠨ ᠪᠠᠷᠤᠭ ᠬᠤᠰᠤᠨ ᠣᠶ ᠶᠢᠨ ᠣᠶᠢᠷᠠᠯᠴᠠᠭ᠎ᠠ ᠪᠠᠶᠢᠳᠠᠭ᠂ ᠤᠴᠢᠷ ᠨᠢ ᠲᠡᠨᠳᠡ ᠭᠠᠷ ᠤᠲᠠᠰᠤᠨ ᠤ ᠳᠣᠬᠢᠶ᠎ᠠ ᠪᠠᠶᠢᠳᠠᠭ ᠦᠭᠡᠢ᠂ ᠪᠢᠳᠡ ᠲᠡᠨᠳᠡ ᠠᠴᠠ ᠡᠬᠢᠯᠡᠨ ᠡᠷᠢᠶ᠎ᠠ︾ ᠭᠡᠵᠦ ᠬᠠᠮᠲᠤ ᠠᠵᠢᠯᠯᠠᠭᠰᠠᠳ ᠲᠠᠢ ᠪᠠᠨ ᠲᠡᠷᠡ ᠳᠠᠷᠤᠢ ᠳᠤᠨᠢ ᠶᠠᠪᠠᠭᠠᠨ ᠢᠶᠠᠷ ᠠᠭᠤᠯᠠᠨ ᠳᠤ ᠭᠠᠷᠤᠬᠰᠠᠨ ᠪᠠᠶᠢᠨ᠎ᠠ᠃ ᠲᠦᠨᠡᠷ ᠬᠠᠷᠠᠩᠭᠤᠢ ᠶᠢᠨ ᠳᠤᠮᠳᠠ᠂ ᠵᠧᠦ ᠶᠦᠩ ᠼᠠᠢ ᠦᠪᠡᠷ ᠤᠨ ᠶᠠᠪᠤᠵᠦ ᠦᠡᠭᠭᠡᠷᠡᠭᠰᠡᠨ ᠵᠠᠮ ᠤᠨ ᠡᠷᠬᠢᠴᠡᠬᠦᠯᠤᠯ ᠳᠤ ᠪᠠᠨ ᠲᠦᠰᠢᠭᠯᠡᠨ ᠡᠮᠦᠨ᠎ᠡ ᠨᠢ ᠵᠠᠮ ᠳᠠᠭᠠᠭᠤᠯᠵᠤ᠂ ᠲᠦᠷᠪᠡᠨ ᠴᠠᠬ ᠭᠠᠷᠤᠢ ᠶᠢᠨ ᠡᠷᠢᠯᠳᠠ ᠪᠠᠷ ᠡᠴᠤᠰ ᠲᠤ ᠪᠠᠨ ᠲᠦᠭᠡᠷᠢᠭᠰᠡᠨ ᠠᠷᠠᠳ ᠢ ᠡᠷᠢᠵᠦ ᠤᠯᠵᠦ᠂ ᠠᠪᠤᠷᠠᠨ ᠳᠤᠰᠠᠯᠠᠬᠰᠠᠨ ᠪᠠᠶᠢᠨ᠎ᠠ᠃      ᠤᠯᠠᠨ ᠲᠦᠮᠡᠨ ᠤ ᠰᠢᠭᠤᠶᠢᠳᠦ ᠤᠷᠤᠨ ᠢᠶᠠᠷ ᠲᠥᠭᠡᠷᠢᠬᠦ ᠪᠠᠶᠢᠳᠠᠯ ᠭᠠᠷᠬᠤ ᠠᠴᠠ ᠵᠠᠶᠢᠯᠠᠰᠭᠢᠬᠦ ᠶᠢᠨ ᠲᠥᠯᠥᠭᠡ᠂ ᠵᠧᠦ ᠶᠦᠩ ᠼᠠᠢ ᠡᠳᠦᠷ ᠳᠤᠳᠤᠮ ᠤᠨ ᠳᠤᠭᠤᠷᠢᠨ ᠴᠠᠬᠳᠠᠬᠤ ᠬᠦᠴᠦᠯᠡᠴᠡ ᠪᠠᠨ ᠨᠡᠮᠡᠭᠳᠡᠬᠦᠯᠤᠨ᠂ ᠤᠯᠠᠨᠳᠠ ᠳᠤᠬᠠᠢ ᠶᠢᠨ ᠭᠠᠵᠠᠷ ᠢᠶᠠᠷ ᠶᠠᠪᠤᠵᠦ ᠪᠠᠶᠢᠴᠠᠭᠠᠯᠳᠠ ᠬᠢᠵᠦ᠂ ᠰᠢᠭᠤᠶᠢᠲᠤ ᠣᠷᠣᠨ ᠤ ᠮᠦᠬᠦ ᠤᠷᠭᠤᠳᠠᠬ ᠭᠠᠵᠠᠷ ᠪᠤᠯᠭᠠᠨ ᠤ ᠵᠠᠮ ᠤᠨ ᠪᠠᠶᠢᠳᠠᠯ ᠢ ᠨᠠᠷᠢᠨ ᠬᠢᠨᠠᠮᠠᠭᠠᠢ ᠳᠡᠮᠳᠡᠭᠯᠡᠨ᠂ ᠠᠮᠤᠷ ᠲᠦᠪᠰᠢᠨ ᠢᠶᠠᠷ ᠮᠦᠬᠦ ᠳᠡᠬᠦᠬᠦ ᠵᠠᠮ ᠱᠤᠭᠤᠮ ᠤᠨ ᠵᠢᠷᠤᠭ ᠢ ᠵᠢᠷᠤᠵᠤ ᠭᠠᠷᠭᠠᠬᠰᠠᠨ ᠪᠠᠶᠢᠨ᠎ᠠ᠃ ᠡᠨᠡ ᠨᠢ ᠨᠢᠭᠡ ᠳᠠᠯ᠎ᠠ ᠪᠠᠷ ᠴᠠᠬᠳᠠᠭ᠎ᠠ ᠶᠢᠨ ᠠᠪᠤᠷᠠᠨ ᠳᠤᠰᠠᠯᠠᠬᠤ ᠠᠵᠢᠯ ᠳᠤ ᠲᠦᠬᠦᠮ ᠠᠪᠴᠢᠷᠠᠵᠦ ᠦᠭᠴᠦ᠂ ᠨᠦᠬᠦᠭᠡ ᠳᠠᠯ᠎ᠠ ᠪᠠᠷ ᠮᠦᠬᠦ ᠳᠡᠬᠦᠬᠦ ᠠᠷᠠᠳ ᠲᠤ ᠨᠠᠩ ᠶᠡᠭᠡ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠬᠰᠠᠨ ᠪᠠᠶᠢᠨ᠎ᠠ᠃      ᠡᠳᠦᠷ ᠳᠤᠳᠤᠮ ᠳᠡᠷᠡ ᠪᠠᠰᠠ ᠡᠷᠦᠭᠡ ᠪᠠᠷ ᠬᠦᠨᠵᠡᠭᠡᠶᠢᠷᠡᠨ ︽ᠮᠦᠬᠦ ᠳᠡᠬᠦᠬᠦ ᠭᠠᠵᠠᠷ ᠤᠨ ᠵᠢᠷᠤᠭ︾ ᠬᠦᠷᠭᠡᠬᠦ ᠶᠢᠨ ᠬᠠᠮᠳᠦ ᠠᠷᠠᠳ ᠲᠠᠢ ᠵᠣᠭᠤᠭᠳᠠᠵᠤ᠂ ᠲᠣᠰᠬᠤᠨ ᠤ ᠶᠡᠭᠡ ᠪᠠᠭ᠎ᠠ ᠶᠠᠪᠤᠳᠠᠯ ᠢ ᠤᠶᠢᠯᠠᠭᠠᠨ᠂ ᠣᠯᠠᠨ ᠲᠦᠮᠡᠨ ᠢ ᠬᠠᠪᠰᠤᠷᠤᠨ ᠤᠴᠢᠷ ᠶᠠᠪᠤᠳᠠᠯ ᠢ ᠨᠢ ᠰᠶᠢᠳᠪᠦᠷᠢᠯᠡᠨ ᠦᠭᠬᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠲᠦᠭᠡᠮᠡᠯᠵᠢᠭᠦᠯᠬᠦ᠂ ᠮᠡᠬᠡᠯᠡᠯ ᠢ ᠰᠠᠷᠬᠡᠶᠢᠯᠠᠭᠦ ᠮᠡᠳᠡᠯᠭᠡ ᠶᠢ ᠤᠬᠠᠭᠤᠯᠤᠨ ᠳᠠᠶᠢᠯᠪᠦᠷᠢᠯᠠᠳᠠᠬ ᠶᠤᠮ᠃      ᠵᠸᠦ ᠶᠦᠡᠭ ᠼᠠᠢ ᠶᠠᠷᠦ ᠨᠢ ︽ᠭᠠᠭᠴᠠ ᠬᠦ ᠣᠯᠠᠨ ᠲᠦᠮᠡᠨ ᠢ ᠳᠤᠳᠤᠨᠤᠴᠢᠯᠠᠪᠠᠯ ᠣᠯᠠᠨ ᠲᠦᠮᠡᠨ ᠰᠠᠶ᠋ᠢ ᠴᠢᠮ᠎ᠠ ᠶᠢ ᠭᠡᠷ ᠤᠨ ᠬᠥᠮᠦᠨ ᠢᠶᠠᠨ ᠰᠢᠭ ᠦᠵᠡᠳᠡᠭ︾ ᠭᠡᠵᠦ ᠵᠠᠯᠠᠭᠤ ᠴᠠᠬᠳᠠᠭ᠎ᠠ ᠳᠤ ᠪᠠᠨ ᠰᠤᠷᠭᠠᠯ ᠬᠠᠶᠢᠷᠠᠯᠠᠵᠦ᠂ ᠠᠵᠢᠯ ᠤᠨ ᠳᠤᠷᠰᠢᠯᠭ᠎ᠠ ᠪᠠᠨ ᠬᠠᠷᠠᠮ ᠦᠭᠡᠢ ᠬᠤᠪᠢᠶᠠᠯᠴᠠᠳᠠᠬ᠃      ᠪᠠᠢ ᠯᠠᠩ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠬᠤᠪᠢᠶᠠᠷᠢ ᠳᠤᠪᠴᠢᠶᠠᠨ ᠤ ᠬᠠᠷᠢᠶ᠎ᠠ ᠳᠤᠭᠤᠷᠢᠬ ᠲᠤ᠂ ᠭᠡᠳᠤᠨ ᠭᠡᠷ ᠲᠤ ᠪᠠᠨ ᠦᠯᠡᠳᠡᠵᠦ ᠬᠤᠴᠤᠷᠤᠬᠰᠠᠨ ᠨᠠᠰᠤᠳᠠᠨ ᠪᠠᠶᠢᠳᠠᠬ᠂ ᠵᠸᠦ ᠶᠦᠡᠭ ᠼᠠᠢ ᠠᠵᠢᠯ ᠤᠨ ᠴᠢᠯᠦᠭᠡ ᠵᠠᠪ ᠢᠶᠠᠷ ᠢᠶᠠᠨ ᠡᠷᠦᠭᠡ ᠪᠠᠷ ᠨᠢ ᠬᠦᠷᠴᠦ ᠨᠠᠰᠤᠳᠠᠨ ᠤ ᠪᠡᠶ᠎ᠠ ᠶᠢᠨ ᠪᠠᠶᠢᠳᠡᠯ ᠢ ᠤᠶᠢᠯᠠᠭᠠᠵᠦ᠂ ᠡᠮ ᠳᠠᠩ ᠬᠦᠷᠭᠡᠵᠦ᠂ ᠴᠢᠳᠠᠬᠤ ᠶᠢᠨ ᠬᠢᠷᠢ ᠪᠠᠷ ᠠᠮᠢᠳᠤᠷᠠᠯ ᠳᠤ ᠨᠢ ᠲᠦᠬᠦᠮ ᠦᠵᠡᠬᠦᠯᠳᠡᠭ᠃      ︽ᠰᠢᠶᠤᠤ ᠵᠧᠤ ᠶᠠᠬ ᠮᠠᠨ ᠤ ᠭᠡᠷ ᠤᠨ ᠬᠥᠮᠦᠰ ᠰᠢᠭ᠂ ᠳᠡᠷᠡ ᠦᠷᠭᠦᠯᠵᠢ ᠪᠢᠳᠡᠨ ᠳᠤ ᠡᠮ ᠬᠦᠷᠭᠡᠵᠦ ᠦᠭᠳᠡᠭ ᠮᠦᠷᠳᠡᠭᠡᠨ ᠭᠡᠷ ᠵᠠᠭᠤᠷ᠎ᠠ ᠶᠢᠨ ᠠᠵᠢᠯ ᠢ ᠬᠠᠪᠰᠤᠷᠤᠨ ᠬᠢᠳᠡᠭ᠂ ᠮᠠᠨᠤᠰ ᠪᠦᠷ ᠳᠡᠬᠦᠨ ᠢ ᠮᠠᠰᠢ ᠢᠳᠡᠭᠡᠳᠡᠭ ᠶᠤᠮ︾ ᠭᠡᠵᠦ ᠬᠠᠷᠢᠶᠠᠳᠥ ᠣᠷᠣᠨ ᠤ ᠰᠠᠭᠤᠭᠠᠯᠢ ᠠᠷᠠᠳ ᠯᠦ ᠴᠦᠨ ᠯᠢᠨ ᠶᠠᠷᠢᠨ᠎ᠠ᠃      ᠵᠸᠦ ᠶᠦᠡᠭ ᠼᠠᠢ ᠬᠠᠷᠢᠶᠠᠨ ᠳᠠᠬᠢ ᠡᠷᠦᠬᠡ ᠪᠦᠷᠢ ᠪᠠᠷ ᠥᠪᠡᠷ ᠤᠨ ᠬᠠᠷᠢᠯᠴᠠᠬᠤ ᠤᠳᠠᠰᠦ ᠪᠠᠨ ᠦᠯᠡᠳᠡᠭᠡᠨ ᠦᠭᠳᠡᠭ ᠮᠦᠷᠳᠡᠭᠡᠨ ᠤᠯᠠᠨ ᠲᠦᠮᠡᠨ ᠤ ᠪᠠᠶᠢᠳᠡᠯ ᠢ ᠨᠠᠷᠢᠨ ᠬᠢᠨᠠᠮᠠᠭᠠᠢ ᠳᠡᠮᠳᠡᠭᠯᠡᠵᠦ ᠠᠪᠳᠠᠬ ᠶᠤᠮ᠃ ᠳᠡᠷᠡ ᠬᠠᠷᠢᠶᠠᠨ ᠳᠠᠬᠢ ᠨᠠᠰᠤᠳᠠᠨ᠂ ᠭᠠᠳᠠᠬᠰᠢ ᠬᠦᠯᠦᠰᠤᠨ ᠠᠵᠢᠯ ᠬᠢᠵᠦ ᠪᠠᠶᠢᠭ᠎ᠠ ᠬᠦᠮᠦᠨ᠂ ᠰᠤᠷᠭᠠᠭᠤᠯᠢ ᠳᠤ ᠰᠠᠭᠤᠭ᠎ᠠ ᠰᠤᠷᠤᠬᠴᠢ ᠨᠢᠭᠡ ᠪᠦᠷᠢ ᠶᠢᠨ ᠸᠢᠴᠠᠲ ᠵᠢᠴᠢ ᠭᠠᠷ ᠤᠳᠠᠰᠤᠨ ᠨᠤᠮᠧᠷ ᠢ ᠦᠯᠡᠳᠡᠭᠡᠨ ᠠᠪᠴᠦ᠂ ᠭᠡᠰᠡᠭ ᠬᠤᠭᠤᠴᠠᠭ᠎ᠠ ᠪᠠᠷ ᠪᠠᠶᠢᠳᠠᠯ ᠢ ᠨᠢ ᠤᠶᠢᠯᠠᠭᠠᠬᠤ ᠡᠰᠡᠬᠦᠯ᠎ᠠ ᠭᠡᠷ ᠲᠠᠬᠢ ᠨᠠᠰᠤᠳᠠᠢ ᠡᠵᠢ ᠠᠪᠤ ᠶᠢᠨ ᠬᠢᠨ ᠪᠠᠶᠢᠳᠡᠯ ᠢ ᠭᠡᠯᠡᠵᠦ ᠦᠭᠳᠡᠭ᠃      ︽ᠮᠠᠨ ᠤ ᠪᠠᠯᠭᠠᠰᠤᠨ ᠳᠤ ᠵᠧᠦ ᠠᠪᠠᠭ᠎ᠠ ᠠᠵᠢᠯᠯᠠᠵᠦ ᠪᠠᠶᠢᠳᠠᠬ ᠠᠴᠠ ᠪᠢᠳᠡ ᠳᠤᠩ ᠰᠠᠨᠠᠭ᠎ᠠ ᠠᠮᠤᠷ ᠪᠠᠶᠢᠳᠠᠬ︾ ᠭᠡᠵᠦ ᠭᠠᠳᠠᠨ᠎ᠠ ᠮᠤᠵᠢ ᠤᠷᠤᠨ ᠢᠶᠠᠷ ᠬᠥᠯᠥᠰᠥᠨ ᠠᠵᠢᠯ ᠬᠢᠵᠦ ᠪᠠᠶᠢᠭ᠎ᠠ ᠯᠢᠦ ᠪᠢᠨ ᠶᠠᠷᠢᠨ᠎ᠠ᠃ ᠵᠧᠦ ᠶᠦᠩ ᠼᠠᠢ ᠦᠷᠭᠦᠯᠵᠢ ᠤᠯᠠᠨ ᠲᠦᠮᠡᠨ ᠢ ᠬᠠᠪᠰᠤᠷᠴᠤ ᠠᠮᠢᠳᠤᠷᠠᠯ ᠤᠨ ᠬᠡᠷᠡᠭᠰᠡᠯ ᠢ ᠨᠢ ᠬᠤᠳᠠᠯᠳᠤᠨ ᠠᠪᠴᠤ ᠥᠭᠬᠦ ᠪᠠᠷ ᠪᠠᠷᠠᠬᠤ ᠦᠭᠡᠢ ᠂ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠭᠡᠷ ᠲᠡᠭᠡᠨ ᠢᠯᠡᠭᠡᠭᠰᠡᠨ ᠵᠣᠭᠤᠰ ᠢ ᠴᠤ ᠲᠡᠷᠡ ᠣᠷᠣᠯᠠᠨ ᠠᠪᠴᠤ ᠥᠭᠲᠡᠭ᠃      27 ᠵᠢᠯ ᠤᠨ ᠲᠤᠷᠰᠢ᠂ ᠵᠧᠦ ᠶᠦᠩ ᠼᠠᠢ ᠦᠨᠡᠨ ᠰᠡᠳᠭᠢᠯᠭᠡ ᠪᠠᠷ ᠢᠶᠠᠨ ᠴᠠᠭᠳᠠᠭ᠎ᠠ ᠠᠷᠠᠳ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶᠠᠳᠥ ᠣᠷᠣᠨ ᠤ ᠪᠠᠨ ᠤᠯᠠᠨ ᠲᠦᠮᠡᠨ ᠤ 3400 ᠭᠠᠷᠤᠢ ᠬᠦᠴᠢᠷ ᠠᠰᠠᠭᠤᠳᠠᠯ ᠢ ᠰᠢᠢᠳᠪᠦᠷᠢᠯᠡᠵᠦ ᠦᠭᠬᠦᠭᠰᠡᠨ ᠪᠠᠶᠢᠨ᠎ᠠ᠃      27 ᠵᠢᠯ ᠤᠨ ᠲᠤᠷᠰᠢ᠂ ᠵᠧᠦ ᠶᠦᠩ ᠼᠠᠢ ᠳᠣᠲᠣᠭᠠᠳᠤ ᠶᠢ ᠬᠠᠮᠠᠭᠠᠯᠠᠬᠤ ᠠᠵᠢᠯ ᠳᠠᠭᠠᠨ ᠬᠢᠵᠠᠭᠠᠯᠠᠰᠢ ᠦᠭᠡᠢ ᠬᠠᠶᠢᠷ᠎ᠠ ᠰᠡᠳᠭᠢᠯᠭᠡ ᠪᠠ ᠠᠷᠠᠳ ᠤᠯᠠᠨ ᠳᠤ ᠬᠠᠷᠠᠮ ᠦᠭᠡᠢ ᠦᠢᠯᠡᠴᠢᠯᠡᠬᠦ ᠬᠠᠯᠠᠭᠤᠨ ᠰᠡᠳᠭᠢᠯ ᠢ ᠡᠪᠦᠷᠯᠡᠨ᠂ ᠤᠶᠢᠭ᠎ᠠ ᠦᠭᠡᠢ ᠴᠢᠷᠮᠠᠶᠢᠯᠭ᠎ᠠ ᠪᠠᠷ ᠢᠶᠠᠨ ᠤᠮᠠᠷᠠᠳᠦ ᠬᠢᠯᠢ ᠶᠢᠨ ᠠᠮᠤᠷ ᠳᠤᠬᠳᠠᠭᠤᠨ ᠢ ᠬᠠᠮᠠᠭᠠᠯᠠᠬᠰᠠᠨ ᠪᠠᠶᠢᠨ᠎ᠠ᠃             · ᡁᠢ ᠮᠢᠨ ᠵᠠᠩ ᠯᠢᠶᠠᠩ ᠵᠢᠶᠠ ·
 
ᠢᠷᠡᠯᠲᠡ᠄ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号