ᠷᠠᠰᠢᠶᠠᠨ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠢᠷᠪᠢᠰ ᠬᠢᠯᠢ ᠶᠢᠨ ᠲᠤᠮᠢᠯᠠᠭᠰᠠᠨ ᠰᠠᠯᠪᠤᠷᠢ ᠬᠠᠤᠯᠢ ᠶᠢᠨ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/3/21
     ᠭᠡᠷ ᠪᠦᠯᠢ ᠶᠢᠨ ᠬᠦᠴᠤᠷᠭᠡᠭᠯᠡᠯ ᠢ ᠪᠦᠳᠤᠮᠵᠢᠲᠡᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠵᠤ᠂ ᠦᠷᠭᠡᠨ ᠤᠯᠠᠨ ᠭᠡᠷ ᠪᠦᠯᠢ ᠶᠢᠨ ᠪᠦᠷᠢᠯᠳᠤᠭᠦᠨ ᠤ ᠬᠠᠤᠯᠢ ᠶᠢᠨ ᠤᠠᠬᠮᠰᠠᠷ ᠪᠠ ᠡᠷᠭᠡ ᠠᠰᠢᠭ ᠪᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠬᠦ ᠶᠢᠨ ᠲᠤᠰᠠᠳᠠ᠂ ᠤᠶᠢᠷ᠎ᠠ ᠳᠤ᠂ ᠷᠠᠰᠢᠶᠠᠨ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠢᠷᠪᠢᠰ ᠬᠢᠯᠢ ᠶᠢᠨ ᠲᠤᠮᠢᠯᠠᠭᠰᠠᠨ ᠰᠠᠯᠪᠤᠷᠢ ︽ᠴᠠᠰᠤᠳᠤ ᠬᠤᠳᠠ ᠶᠢᠨ ᠠᠯᠪᠠᠨ ᠵᠢᠷᠤᠮ ᠤᠨ ᠴᠠᠭᠳᠠᠭ᠎ᠠ︾ ᠲᠠᠢ ᠬᠠᠮᠳᠤᠷᠠᠨ᠂ ᠬᠠᠷᠢᠶ᠎ᠠ ᠤᠷᠤᠨ ᠤ ᠪᠠᠨ ᠰᠠᠭᠤᠭᠠᠯᠢ ᠠᠷᠠᠳ ᠤᠨ ᠲᠤᠭᠤᠷᠢᠭ ᠢᠶᠠᠷ ᠬᠦᠷᠴᠤ ︽ᠭᠡᠷ ᠪᠦᠯᠢ ᠶᠢᠨ ᠬᠦᠴᠤᠷᠭᠡᠭᠯᠡᠯ ᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃      ᠲᠤᠰ ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠪᠤᠯᠤᠨ ᠠᠯᠪᠠᠨ ᠵᠢᠷᠤᠮ ᠤᠨ ᠴᠠᠭᠳᠠᠭ᠎ᠠ ᠠᠴᠠ ᠤᠬᠠᠭᠤᠯᠭ᠎ᠠ ᠶᠢᠨ ᠪᠢᠴᠢᠭ ᠮᠠᠲ᠋ᠧᠷᠢᠶᠠᠯ ᠲᠠᠷᠬᠠᠭᠠᠬᠤ᠂ ᠭᠡᠷ ᠪᠦᠯᠢ ᠶᠢᠨ ᠬᠦᠴᠤᠷᠭᠡᠭᠯᠡᠯ ᠢ ᠡᠰᠡᠷᠭᠦᠴᠡᠬᠦ ᠬᠠᠤᠯᠢ ᠶᠢᠨ ᠠᠰᠠᠭᠤᠨ ᠯᠠᠪᠯᠠᠯᠳᠠ ᠬᠠᠨᠭ᠍ᠭᠠᠬᠤ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠲᠤ ︽ᠭᠡᠷ ᠪᠦᠯᠢ ᠶᠢᠨ ᠬᠦᠴᠤᠷᠭᠡᠭᠯᠡᠯ ᠢ ᠡᠰᠡᠷᠭᠦᠴᠡᠬᠦ ᠬᠠᠤᠯᠢ︾ ᠶᠢᠨ ᠴᠢᠬᠤᠯᠠ ᠴᠢᠨᠠᠷ᠂ ᠬᠤᠬᠢᠷᠠᠯ ᠠᠮᠰᠠᠭᠴᠢ ᠶᠢᠨ ᠡᠷᠭᠡ᠂ ᠬᠦᠴᠤᠷᠭᠡᠭᠯᠡᠯ ᠳᠤ ᠤᠴᠠᠷᠠᠭᠰᠠᠨ ᠪᠠᠶᠢᠳᠠᠯ ᠢ ᠠᠷᠭᠠᠴᠠᠭᠠᠬᠤ ᠠᠷᠭ᠎ᠠ ᠵᠡᠷᠭᠡ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠦᠭᠴᠤ᠂ ᠠᠷᠠᠳ ᠤᠯᠠᠨ ᠤ ᠰᠠᠨᠠᠭᠠᠴᠢᠯᠠᠭ᠎ᠠ ᠠᠴᠠ ᠪᠠᠨ ᠭᠡᠷ ᠪᠦᠯᠢ ᠶᠢᠨ ᠬᠦᠴᠤᠷᠭᠡᠭᠯᠡᠯ ᠢ ᠡᠰᠡᠷᠭᠦᠴᠡᠬᠦ ᠤᠬᠠᠮᠰᠠᠷ ᠢ ᠨᠢ ᠲᠡᠭᠡᠭᠰᠢᠯᠡᠭᠦᠯᠦᠨ᠂ ᠬᠠᠤᠯᠢ ᠶᠤᠰᠤᠭᠠᠷ ᠪᠡᠶ᠎ᠡ ᠶᠢᠨ ᠬᠠᠤᠯᠢ ᠶᠤᠰᠤᠨ ᠤ ᠡᠷᠭᠡ ᠠᠰᠢᠭ ᠢᠶᠠᠨ ᠬᠠᠮᠠᠭᠠᠯᠠᠬᠤ ᠬᠡᠷᠡᠭᠲᠡᠢ ᠭᠡᠵᠤ ᠰᠠᠨᠨᠠᠭᠤᠯᠪᠠ᠃      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠭᠡᠷ ᠪᠦᠯᠢ ᠶᠢᠨ ᠬᠦᠴᠤᠷᠭᠡᠭᠯᠡᠯ ᠢ ᠡᠰᠡᠷᠭᠦᠴᠡᠬᠦ ᠬᠠᠤᠯᠢ ᠶᠢᠨ ᠮᠡᠳᠡᠯᠭᠡ ᠶᠢ ᠨᠡᠩ ᠤᠯᠠᠨ ᠬᠦᠮᠦᠰ ᠲᠤ ᠮᠡᠳᠡᠭᠦᠯᠦᠭᠰᠡᠨ ᠢᠶᠠᠷ ᠦᠯᠦ ᠪᠠᠷᠠᠨ ᠡᠶ᠎ᠡ ᠨᠠᠶᠢᠷᠠᠮᠳᠠᠭᠤ ᠭᠡᠷ ᠪᠦᠯᠢ ᠶᠢ ᠪᠠᠶᠢᠭᠤᠯᠬᠤ ᠳᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃ ︵ᠴᠢᠮᠡᠭᠡᠯᠡᠭᠴᠢ︶
 
ᠢᠷᠡᠯᠲᠡ᠄ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号