ᠬᠠᠩᠰᠢ ᠶᠢᠨ ᠡᠳᠦᠷ ᠤᠨ ᠪᠣᠯᠪᠠᠰᠤᠨ ᠤ ᠲᠠᠬᠢᠯᠭ᠎ᠠ ᠶᠢᠨ ᠲᠣᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/21
     ᠬᠠᠩᠰᠢ ᠶᠢᠨ ᠡᠳᠦᠷ ᠣᠶᠢᠷᠠᠳᠬᠤ   ᠶᠢ ᠳᠠᠭᠠᠯᠳᠤᠨ᠂ ᠤᠯᠠᠮᠵᠢᠯᠠᠯᠲᠤ ᠠᠷᠭ᠎ᠠ ᠪᠠᠷ ᠣᠩᠭᠤᠨ ᠱᠦᠭᠦᠷᠳᠡᠬᠦ ᠴᠠᠭ ᠬᠦᠷᠴᠣ ᠢᠷᠡᠯ᠎ᠠ᠂ ᠡᠨᠡ ᠬᠦ ᠭᠠᠰᠢᠭᠤᠳᠠᠯ ᠢᠶᠠᠨ ᠢᠯᠡᠳᠬᠡᠵᠦ᠂ ᠡᠪᠦᠭᠡ ᠳᠡᠭᠡᠳᠦᠰ ᠢᠶᠠᠨ ᠮᠥᠷᠥᠭᠡᠳᠦᠨ ᠰᠠᠨᠠᠭᠠᠯᠵᠠᠵᠤ ᠪᠠᠶᠢᠭ᠎ᠠ ᠴᠠᠭ ᠮᠥᠴᠡ ᠳᠤ᠂ ᠨᠠᠰᠣ ᠨᠦᠭᠴᠢᠭᠰᠡᠳ ᠢᠶᠠᠨ ᠮᠥᠷᠥᠭᠡᠳᠦᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠬᠡᠬᠦ ᠪᠠᠷ ᠪᠠᠷᠠᠬᠤ ᠦᠭᠡᠢ᠂  ᠪᠠᠰᠠ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠨᠢᠭᠡᠨ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ ᠲᠣᠷᠡᠰᠬᠠᠯ ᠤᠨ ᠡᠳᠦᠷ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠶᠢᠨ ᠲᠥᠯᠥᠭᠡ᠂ ᠷᠠᠰᠢᠶᠠᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠥᠷᠭᠡᠨ ᠤᠯᠠᠨ ᠰᠠᠭᠤᠭᠠᠯᠢ ᠠᠷᠠᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄      ᠡᠷᠬᠢᠮ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠠᠮᠢᠳᠣ ᠰᠠᠷᠢᠬᠦᠨ ᠳᠤ ᠨᠢ ᠠᠰᠠᠷᠡᠨ ᠬᠦᠨᠳᠣᠯᠠᠵᠣ ᠨᠠᠰᠣ ᠨᠦᠭᠴᠢᠭᠰᠡᠨ ᠤ ᠬᠤᠶᠢᠨ᠎ᠠ ᠲᠦᠬᠦᠮ ᠣᠷᠣᠰᠢᠭᠤᠯᠬᠤ ᠶᠢ ᠰᠠᠨᠠᠭᠠᠴᠢᠯᠠᠶ᠎ᠠ᠃ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠤᠨ ᠳᠡᠯᠭᠡᠷᠡᠭᠦᠯᠵᠦ᠂ ᠠᠮᠢᠳᠣ ᠰᠠᠷᠢᠬᠦᠨ ᠳᠤ ᠨᠢ ᠠᠰᠠᠷᠡᠨ ᠬᠦᠨᠳᠣᠯᠠᠵᠣ ᠨᠠᠰᠣ ᠨᠦᠭᠴᠢᠭᠰᠡᠨ ᠤ ᠬᠤᠶᠢᠨ᠎ᠠ ᠲᠦᠬᠦᠮ ᠣᠷᠣᠰᠢᠭᠤᠯᠬᠤ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠣᠷᠣᠰᠢᠭᠤᠯᠭ᠎ᠠ ᠶᠢᠨ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠶ᠎ᠠ᠃ ᠨᠠᠰᠤᠲᠠᠨ ᠡᠷᠡᠭᠦᠯ ᠲᠡᠩᠬᠡᠯᠡᠭᠦᠨ ᠪᠠᠶᠢᠬᠤ ᠦᠶ᠎ᠡ ᠳᠤ ᠨᠢ ᠢᠯᠡᠭᠦᠬᠡᠨ ᠬᠠᠨᠢ ᠪᠣᠯᠵᠤ᠂ ᠠᠴᠢᠯᠠᠯ ᠤᠨ ᠶᠣᠰᠣ ᠶᠢ ᠢᠯᠡᠭᠦᠬᠡᠨ ᠭᠦᠢᠴᠡᠳᠬᠡᠶ᠎ᠠ᠃ ᠨᠠᠰᠤᠲᠠᠨ ᠨᠠᠰᠤ ᠨᠥᠭᠴᠢᠭᠰᠡᠨ ᠤ ᠳᠠᠷᠠᠭ᠎ᠠ ᠪᠣᠶᠠᠨ ᠢ ᠨᠢ ᠶᠡᠭᠡ ᠪᠠᠷ ᠬᠢᠬᠦ᠂  ᠪᠣᠰᠣᠳ ᠲᠠᠢ ᠬᠠᠷᠢᠯᠴᠠᠨ ᠠᠳᠠᠯᠢᠳᠬᠠᠬᠤ᠂ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠦ᠂ ᠪᠣᠬᠢᠷᠲᠤᠯ ᠦᠭᠡᠢ᠂ ᠪᠣᠯᠪᠠᠰᠤᠨ᠂ ᠠᠷᠪᠢᠴᠢ ᠭᠠᠮᠲᠠᠢ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠣᠶ ᠪᠣᠯᠭᠠᠵᠤ᠂ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ ᠶᠢ ᠰᠠᠨᠠᠭᠠᠴᠢᠯᠠᠵᠤ᠂ ᠬᠠᠲᠠᠭᠤᠷᠠᠭᠤᠯᠤᠭᠰᠠᠨ ᠲᠣᠮᠣ ᠣᠩᠭᠤᠨ᠂ ᠬᠡᠭᠡᠨᠴᠢᠷ ᠣᠩᠭᠤᠨ ᠵᠡᠷᠭᠡ ᠶᠢ ᠪᠠᠷᠢᠬᠤ ᠦᠭᠡᠢ᠂ ᠨᠠᠩ ᠣᠯᠠᠨ ᠭᠠᠵᠠᠷ ᠰᠢᠷᠣᠢ ᠶᠢᠨ ᠡᠬᠢ ᠪᠠᠶᠠᠯᠢᠭ ᠢ ᠬᠤᠶᠢᠴᠢ ᠦᠶ᠎ᠡ ᠶᠢᠨ ᠳᠡᠭᠡᠨ ᠦᠯᠡᠳᠡᠭᠡᠨ ᠥᠭᠴᠦ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠦᠶ᠎ᠠ᠃      ᠪᠣᠯᠪᠠᠰᠤᠨ ᠢᠶᠠᠷ ᠳᠠᠬᠢᠯᠭ᠎ᠠ ᠬᠢᠬᠦ ᠶᠢ ᠡᠷᠬᠢᠮᠯᠡᠵᠦ᠂ ᠰᠢᠨ᠎ᠡ ᠰᠤᠷᠲᠠᠯ ᠢ ᠪᠤᠢ ᠪᠣᠯᠭᠠᠶ᠎ᠠ᠃ ᠥᠷᠭᠡᠨ ᠤᠯᠠᠨ ᠠᠷᠡᠳ ᠲᠦᠮᠡᠨ ᠤ ᠰᠣᠷᠭᠤᠭ ᠴᠡᠴᠡᠭ ᠬᠦᠷᠭᠡᠨ ᠣᠩᠭᠤᠨ ᠱᠦᠭᠦᠷᠳᠡᠬᠦ᠂ ᠮᠣᠳᠣ ᠲᠠᠷᠢᠵᠤ ᠨᠣᠭᠤᠭᠠᠷᠠᠭᠤᠯᠬᠤ᠂ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ ᠵᠡᠷᠭᠡ ᠪᠣᠯᠪᠠᠰᠤᠨ ᠠᠷᠭ᠎ᠠ ᠪᠠᠷ ᠨᠠᠰᠣ ᠨᠦᠭᠴᠢᠭᠰᠡᠳ ᠢᠶᠠᠨ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠬᠤ ᠭᠡᠷᠡᠭᠳᠡᠢ᠃ ᠹᠧᠣᠳᠠᠯ ᠤᠨ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠭᠡᠢ᠂ ᠬᠤᠳᠠᠯᠳᠤᠨ ᠠᠪᠬᠤ ᠦᠭᠡᠢ᠂ ᠬᠡᠷᠡᠭᠯᠡᠬᠦ ᠦᠭᠡᠢ᠂ ᠲᠠᠬᠢᠯᠭ᠎ᠠ ᠶᠢᠨ ᠪᠣᠯᠬᠢ ᠳᠠᠳᠬᠠᠯ ᠠᠴᠠ ᠰᠠᠯᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠪᠣᠯᠪᠠᠰᠤᠨ ᠡᠶ᠎ᠡ ᠵᠣᠬᠢᠴᠠᠯ ᠲᠠᠢ ᠲᠠᠬᠢᠯᠭ᠎ᠠ ᠶᠢᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠂ ᠡᠷᠡᠭᠦᠯ ᠰᠠᠷᠠᠭᠤᠯ ᠤᠳᠤ ᠦᠶ᠎ᠡ ᠶᠢᠨ ᠠᠷᠭ᠎ᠠ ᠬᠡᠯᠪᠡᠷᠢ ᠪᠠᠷ ᠨᠥᠭᠴᠢᠭᠰᠡᠳ ᠤᠨ ᠲᠤᠬᠠᠢ ᠭᠠᠰᠢᠭᠤᠳᠠᠯ ᠢᠶᠠᠨ ᠢᠯᠡᠳᠬᠡᠶ᠎ᠠ᠃      ᠰᠢᠨ᠎ᠡ ᠬᠡᠪ ᠰᠤᠷᠲᠠᠯ ᠢ ᠡᠷᠬᠢᠮᠯᠡᠵᠦ᠂ ᠰᠠᠶᠢᠨ ᠲᠥᠷᠢ ᠲᠥᠷᠬᠦ ᠶᠢ ᠪᠤᠢ ᠪᠣᠯᠭᠠᠶ᠎ᠠ᠃ ᠮᠠᠭᠤ ᠬᠠᠭᠤᠴᠢᠨ ᠵᠠᠩ ᠳᠠᠳᠬᠠᠯ ᠢᠶᠠᠨ ᠥᠭᠡᠷᠡᠴᠢᠯᠡᠵᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠲᠠᠪᠴᠢᠬᠦ ᠬᠡᠷᠡᠭᠲᠡᠢ᠃ ᠵᠡᠭᠡᠯᠢ ᠭᠤᠳᠤᠮᠵᠢ᠂ ᠴᠡᠴᠡᠷᠯᠢᠭ᠂ ᠲᠠᠯᠠᠪᠠᠶ᠂ ᠲᠣᠨᠣᠯᠵᠢᠨ ᠵᠠᠮ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠲᠠᠬᠢᠯᠭ᠎ᠠ ᠶᠢᠨ ᠡᠳ᠋ ᠲᠠᠯᠪᠢᠬᠤ ᠦᠭᠡᠢ᠂ ᠫᠤᠤᠵᠢᠩ ᠲᠠᠯᠪᠢᠬᠤ ᠦᠭᠡᠢ᠂ ᠪᠤᠰᠤᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠵᠢᠷᠤᠮ ᠢ ᠡᠪᠳᠡᠬᠦ ᠦᠭᠡᠢ᠃ ᠪᠣᠯᠪᠠᠰᠤᠨ᠂ ᠠᠮᠤᠷ ᠲᠦᠪᠰᠢᠨ᠂ ᠨᠡᠶᠢᠲᠡ ᠶᠢᠨ ᠶᠣᠰᠣ ᠰᠤᠷᠲᠠᠬᠤᠨ ᠤ ᠦᠵᠡᠯ ᠤᠬᠠᠮᠰᠠᠷ ᠢ ᠪᠣᠶ ᠪᠣᠯᠭᠠᠵᠤ᠂ ᠠᠮᠢ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠲᠣᠪᠤᠶᠢᠯᠭᠠᠨ᠂ ᠬᠤᠲᠠ ᠬᠥᠳᠡᠭᠡ ᠶᠢᠨ ᠭᠤᠶᠣ ᠰᠠᠶᠢᠬᠠᠨ ᠴᠡᠪᠡᠷ ᠲᠡᠭᠰᠢ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠵᠤ᠂ ᠪᠣᠯᠪᠠᠰᠤᠨ᠂ ᠪᠣᠬᠢᠷᠲᠤᠯ ᠦᠭᠡᠢ᠂ ᠡᠶ᠎ᠡ ᠵᠣᠬᠢᠴᠠᠯ ᠲᠠᠢ᠂ ᠠᠮᠢ ᠠᠬᠤᠢ ᠶᠢᠨ ᠷᠠᠰᠢᠶᠠᠨ ᠢ ᠬᠠᠮᠲᠤᠪᠠᠷ ᠪᠦᠲᠦᠭᠡᠨ ᠪᠠᠶᠢᠭᠤᠯᠶ᠎ᠠ᠃      ᠢᠯᠡ ᠭᠠᠯ ᠬᠡᠷᠡᠭᠯᠡᠬᠦ ᠶᠢ ᠴᠠᠭᠠᠵᠠᠯᠠᠵᠤ᠂ ᠠᠮᠤᠷ ᠲᠦᠪᠰᠢᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠶ᠎ᠠ᠃ ᠲᠠᠬᠢᠯᠭ᠎ᠠ ᠬᠢᠬᠦ ᠪᠠᠷ ᠣᠴᠢᠬᠤ ᠵᠠᠮ ᠳᠤ ᠲᠡᠷᠭᠡ ᠵᠢᠯᠤᠭᠤᠳᠬᠤ ᠳᠠᠭᠠᠨ ᠠᠮᠤᠷ ᠲᠦᠪᠰᠢᠨ ᠪᠠᠶᠢᠬᠤ ᠶᠢ ᠠᠩᠬᠠᠷᠬᠤ ᠬᠡᠷᠡᠭᠲᠡᠢ᠂ ᠣᠳᠣᠬᠠᠨ ᠳᠤ ᠵᠠᠰᠠᠮᠠᠯ ᠵᠠᠮ ᠤᠨ ᠬᠡᠰᠡᠭ ᠭᠠᠵᠡᠷ ᠲᠤ ᠮᠥᠨ ᠯᠡ ᠴᠠᠰᠤ ᠬᠥᠯᠳᠡᠵᠦ ᠪᠠᠶᠢᠨ᠎ᠠ᠂ ᠮᠥᠰᠥ ᠴᠠᠰᠣ ᠲᠠᠢ ᠵᠠᠮ ᠢᠶᠠᠷ ᠲᠡᠷᠭᠡ ᠵᠢᠯᠤᠭᠤᠳᠬᠤ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂  ᠪᠣᠰᠣᠳ ᠲᠠᠢ ᠵᠠᠮ ᠪᠣᠯᠢᠶᠠᠯᠳᠣᠬᠤ ᠦᠭᠡᠢ᠃ ᠵᠠᠮ ᠤᠨ ᠪᠠᠶᠢᠳᠡᠯ ᠬᠤᠪᠢᠷᠠᠯᠲᠠ ᠭᠠᠷᠬᠤ ᠦᠶ᠎ᠡ ᠳᠤ᠂ ᠲᠡᠷᠭᠡᠨ ᠤ ᠬᠤᠷᠳᠤᠴᠠ ᠪᠠᠨ ᠰᠠᠶᠢᠲᠤᠷ ᠡᠵᠡᠮᠳᠡᠨ᠂ ᠲᠡᠷᠭᠡᠨ ᠤ ᠵᠠᠢ ᠶᠢ ᠰᠠᠶᠢᠲᠤᠷ ᠪᠠᠲᠤᠯᠠᠬᠤ ᠬᠡᠷᠡᠭᠲᠡᠢ᠂ ᠪᠠᠯᠢᠳᠠᠨ ᠰᠠᠨᠳᠤᠷᠴᠤ ᠶᠡᠭᠡ ᠬᠡᠮᠵᠢᠶ᠎ᠡ ᠪᠠᠷ ᠵᠠᠯᠠᠭᠤᠷᠳᠠᠵᠤ ᠪᠣᠯᠬᠤ ᠦᠭᠡᠢ᠂ ᠬᠠᠵᠠᠭᠤ ᠲᠡᠶᠢᠰᠢ ᠪᠠᠨ ᠭᠤᠯᠭᠤᠬᠤ᠂ ᠬᠤᠶᠢᠨ᠎ᠠ  ᠬᠤᠶᠢᠨ᠎ᠠ ᠠᠴᠠ  ᠪᠠᠨ ᠮᠥᠷᠭᠦᠬᠦ ᠵᠡᠷᠭᠡ ᠡ᠊ᠨᠳᠡᠯ ᠭᠠᠷᠬᠤ ᠠᠴᠠ ᠡᠷᠡᠰ ᠰᠡᠷᠭᠡᠶᠢᠯᠡᠬᠦ ᠭᠡᠷᠡᠭᠳᠡᠢ᠃ ᠤᠢ ᠰᠢᠭᠤᠢ ᠶᠢᠨ ᠭᠠᠯ ᠲᠣᠶᠢᠮᠠᠷ ᠢ ᠰᠡᠷᠭᠡᠶᠢᠯᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠭᠠᠯ ᠰᠡᠷᠭᠡᠶᠢᠯᠡᠬᠦ ᠬᠤᠭᠤᠴᠠᠭᠠᠨ ᠳᠤ ᠭᠠᠯ  ᠪᠣᠶᠣ ᠠᠮᠠᠷᠬᠠᠨ ᠨᠣᠴᠣᠵᠣ ᠲᠡᠯᠪᠡᠷᠡᠬᠦ ᠵᠡᠷᠭᠡ ᠪᠣᠳᠠᠰ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠂ ᠡᠯ᠎ᠡ ᠵᠦᠢᠯ ᠤᠨ ᠠᠶᠤᠯᠬᠦᠢ ᠶᠢᠨ ᠲᠠᠯᠳᠠ ᠭᠡᠮ ᠢ ᠡᠷᠡᠰ ᠬᠤᠷᠢᠭᠯᠠᠵᠤ᠂ ᠤᠢ ᠰᠢᠭᠤᠢ ᠳᠤ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠶ᠎ᠠ᠃      ᠵᠢᠱᠢᠶᠡᠴᠢ ᠪᠠᠷ ᠲᠦᠷᠦᠭᠦᠯᠡᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠰᠠᠨᠠᠭᠠᠴᠢᠯᠠᠶ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ᠂ ᠨᠠᠮ ᠤᠨ ᠭᠡᠰᠢᠭᠦᠨ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠬᠦ ᠶᠢ ᠰᠠᠨᠠᠭᠠᠴᠢᠯᠠᠵᠤ᠂ ᠤᠬᠠᠮᠰᠠᠷ ᠠᠴᠠ ᠪᠠᠨ ᠮᠠᠭᠤ ᠳᠠᠳᠬᠠᠯ ᠤᠨ ᠲᠡᠪᠴᠢᠭᠴᠢ᠂ ᠪᠣᠯᠪᠠᠰᠤᠨ ᠠᠮᠤᠷ ᠲᠦᠪᠰᠢᠨ ᠤ ᠲᠠᠬᠢᠯᠭ᠎ᠠ ᠶᠢᠨ ᠰᠠᠨᠠᠭᠠᠴᠢᠯᠠᠭᠴᠢ ᠪᠠ ᠳᠠᠭᠠᠭᠤᠯᠤᠭᠴᠢ ᠪᠣᠯᠵᠤ᠂ ᠭᠡᠷ ᠤᠨ ᠬᠥᠮᠥᠰ᠂ ᠲᠥᠷᠥᠯ ᠰᠠᠳᠤᠨ ᠰᠠᠶᠢᠨ ᠨᠠᠶᠢᠵᠠ ᠨᠥᠬᠦᠳ ᠪᠠ ᠳᠡᠷᠭᠡᠳᠡᠬᠢ ᠣᠯᠠᠨ ᠲᠦᠮᠡᠨ ᠳᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ᠂ ᠠᠮᠤᠷ ᠲᠦᠪᠰᠢᠨ ᠤ ᠲᠠᠬᠢᠯᠭ᠎ᠠ ᠶᠢᠨ ᠠᠷᠭ᠎ᠠ ᠮᠠᠶ᠋ᠢᠭ ᠢ ᠢᠳᠡᠪᠬᠢᠲᠡᠢ ᠤᠬᠠᠭᠤᠯᠵᠤ᠂ ᠪᠣᠯᠪᠠᠰᠤᠨ ᠪᠤᠰᠤ ᠲᠠᠬᠢᠯᠭ᠎ᠠ ᠶᠢᠨ ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠶ᠎ᠠ᠃      ᠪᠢᠳᠡ ᠪᠣᠯᠪᠠᠰᠤᠨ ᠲᠠᠬᠢᠯᠭ᠎ᠠ ᠶᠢᠨ ᠵᠢᠱᠢᠶ᠎ᠡ ᠦᠵᠡᠭᠦᠯᠦᠭᠴᠢ ᠪᠣᠯᠵᠤ᠂ ᠥᠪᠡᠷ ᠤᠨ ᠪᠡᠶ᠎ᠡ ᠠᠴᠠ ᠪᠠᠨ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠵᠠᠩ ᠳᠠᠳᠬᠠᠯ ᠢ ᠥᠭᠡᠷᠡᠴᠢᠯᠡᠨ᠂ ᠰᠢᠨ᠎ᠡ ᠰᠤᠷᠲᠠᠯ ᠢ ᠰᠠᠨᠠᠭᠠᠴᠢᠯᠠᠵᠤ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠮᠠᠭᠤ ᠳᠠᠳᠬᠠᠯ ᠢ ᠲᠠᠪᠴᠢᠵᠣ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠣᠷᠣᠯᠴᠠᠨ᠂ ᠣᠷᠣᠰᠢᠭᠤᠯᠭ᠎ᠠ ᠶᠢᠨ ᠮᠠᠭᠤ ᠳᠠᠳᠬᠠᠯ ᠢ ᠠᠷᠢᠯᠭᠠᠵᠤ᠂ ᠪᠣᠬᠢᠷᠲᠤᠯ ᠦᠭᠡᠢ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠵᠤ᠂ ᠪᠣᠯᠪᠠᠰᠤᠨ ᠲᠠᠬᠢᠯᠭ᠎ᠠ ᠶᠢᠨ ᠵᠢᠱᠢᠶ᠎ᠡ ᠦᠵᠡᠭᠦᠯᠦᠭᠴᠢ ᠪᠣᠯᠬᠤ ᠪᠠᠷ ᠴᠢᠷᠮᠠᠶᠢᠵᠠᠭᠠᠶ᠎ᠠ︕                       ᠷᠠᠰᠢᠶᠠᠨ ᠬᠤᠲᠠ ᠶᠢᠨ ᠠᠷᠠᠳ ᠤᠨ ᠶᠠᠪᠣᠳᠡᠯ ᠤᠨ ᠲᠣᠪᠴᠢᠶ᠎ᠠ ᠠᠴᠠ ᠣᠬᠠᠭᠤᠯᠪᠡ
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号