ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠵᠠᠮ ᠬᠠᠷᠢᠯᠴᠠᠭᠠᠨ ᠤ ᠠᠮᠦᠷ ᠲᠦᠪᠰᠢᠨ ᠤ ᠲᠠᠯᠳᠠ ᠬᠡᠮ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2024/3/27
     ᠮᠠᠯᠵᠢᠬᠤ ᠲᠠᠷᠢᠶᠠᠯᠠᠬᠤ ᠤᠷᠤᠨ ᠤ ᠬᠠᠪᠦᠷ ᠤᠨ ᠤᠯᠠᠷᠢᠯ ᠤᠨ ᠵᠠᠮ ᠬᠠᠷᠢᠯᠴᠠᠭᠠᠨ ᠤ ᠠᠮᠦᠷ ᠲᠦᠪᠰᠢᠨ ᠢ ᠤᠯᠠᠮ ᠨᠢᠬᠡ ᠠᠯᠬᠤᠮ ᠪᠠᠳᠦᠯᠠᠬᠤ ᠶᠢᠨ ᠲᠦᠯᠦᠬᠡ᠂ ᠤᠶᠢᠷ᠎ᠠ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠡᠤ ᠴᠠ ᠭᠸᠤ ᠵᠡᠷᠭᠡ ᠭᠠᠵᠠᠷ ᠢᠶᠠᠷ ᠬᠦᠷᠴᠦ ᠵᠠᠮ ᠬᠠᠷᠢᠯᠴᠠᠭᠠᠨ ᠤ ᠠᠮᠦᠷ ᠲᠦᠪᠰᠢᠨ ᠤ ᠲᠠᠯᠳᠠ ᠬᠡᠮ ᠢ ᠵᠢᠬᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ᠃      ᠠᠵᠢᠯᠯᠠᠭ᠎ᠠ ᠳᠤ᠂ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠠᠷᠠᠳ ᠤᠨ ᠴᠠᠭᠳᠠᠭ᠎ᠠ ᠪᠠᠨ ᠵᠤᠬᠢᠶᠠᠨ ᠪᠠᠶᠢᠭᠤᠯᠵᠦ᠂ ᠡᠤ ᠴᠠ ᠭᠸᠤ ᠵᠡᠷᠭᠡ ᠭᠠᠵᠠᠷ ᠢᠶᠠᠷ ᠵᠠᠮ ᠬᠠᠷᠢᠯᠴᠠᠭᠠᠨ ᠤ ᠲᠠᠯᠳᠠ ᠬᠡᠮ ᠢ ᠵᠢᠬᠰᠠᠭᠠᠨ ᠪᠠᠶᠢᠴᠠᠭᠠᠵᠠᠢ᠃ ᠵᠠᠮ ᠬᠠᠷᠢᠯᠴᠡᠭᠠᠨ ᠤ ᠶᠡᠭᠡ ᠠᠩᠬᠢ ᠶᠢᠨ ᠴᠠᠬᠳᠠᠭ᠎ᠠ ᠨᠠᠷ ᠭᠤᠤᠯᠳᠠᠭᠤ ᠵᠠᠮ ᠬᠠᠷᠢᠯᠴᠠᠭᠠᠨ ᠤ ᠠᠮᠦᠷ ᠲᠦᠪᠰᠢᠨ ᠤ ᠲᠦᠬᠦᠭᠡᠷᠦᠮᠵᠢ ᠂ ᠵᠠᠮ ᠬᠠᠷᠢᠯᠴᠠᠭᠠᠨ ᠤ ᠲᠡᠮᠳᠡᠭ᠂ ᠵᠠᠮ ᠤᠨ ᠭᠠᠳᠠᠷᠭᠤ ᠵᠡᠷᠭᠡ ᠲᠠᠯ᠎ᠠ ᠪᠠᠷ ᠪᠠᠶᠢᠴᠠᠭᠠᠯᠳᠠ ᠬᠢᠭᠰᠡᠨ ᠪᠦᠭᠡᠳ ᠤᠯᠵᠦ ᠮᠡᠳᠡᠭᠰᠡᠨ ᠠᠰᠠᠭᠤᠳᠠᠯ ᠢᠶᠠᠨ ᠨᠠᠷᠢᠨ ᠲᠡᠮᠳᠡᠭᠯᠡᠭᠰᠡᠨ ᠪᠠᠶᠢᠨ᠎ᠠ᠃      ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠵᠠᠮ ᠬᠠᠷᠢᠯᠴᠠᠭᠠᠨ ᠤ ᠲᠠᠯᠳᠠ ᠬᠡᠮ ᠢ ᠵᠢᠬᠰᠠᠭᠠᠨ ᠪᠠᠶᠢᠴᠠᠭᠠᠵᠦ᠂ ᠪᠤᠳᠠᠳᠠᠢ ᠴᠡᠭᠴᠡᠯᠡᠨ ᠵᠠᠰᠠᠬᠤ ᠠᠷᠭ᠎ᠠ ᠠᠪᠴᠠᠯ ᠲᠤᠬᠳᠠᠭᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠨᠢᠬᠳᠠ ᠬᠠᠮᠵᠢᠯᠴᠠᠨ ᠴᠡᠭᠴᠡᠯᠡᠨ ᠵᠠᠰᠠᠬᠤ ᠠᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠦᠯᠠᠬᠰᠠᠨ ᠪᠠᠶᠢᠨ᠎ᠠ᠃      ᠡᠬᠦᠨ ᠠᠴᠠ ᠭᠠᠳᠠᠨ᠎ᠠ᠂ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷ ᠲᠠᠮᠵᠢᠭᠤᠯᠤᠨ᠂ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠦᠷ ᠲᠦᠪᠰᠢᠨ ᠤ ᠮᠡᠳᠡᠯᠬᠡ ᠶᠢ ᠲᠦᠬᠡᠮᠡᠯᠵᠢᠬᠦᠯᠵᠦ᠂ ᠲᠡᠳᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠦᠷᠢ ᠶᠢ ᠲᠡᠭᠡᠭᠰᠢᠯᠡᠬᠦᠯᠦᠭᠰᠡᠨ ᠪᠠᠶᠢᠨ᠎ᠠ᠃    ︵ᠰᠡᠷᠬᠦᠯᠡᠩ︶
 
ᠢᠷᠡᠯᠲᠡ᠄ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号