ᠷᠠᠰᠢᠶᠠᠨ ᠬᠤᠳᠠ᠄ ᠡᠨᠡ ᠵᠢᠯ ᠤᠨ ᠵᠢᠭᠤᠯᠴᠢᠯᠠᠯ ᠤᠨ ᠬᠦᠮᠦᠨ ᠤ ᠲᠤᠭ᠎ᠠ ᠶᠢ 500 ᠲᠦᠮᠡᠨ ᠬᠦᠮᠦᠨ ᠤᠳᠠᠭ᠎ᠠ ᠵᠢᠭᠤᠯᠴᠢᠯᠠᠯ ᠤᠨ ᠤᠷᠤᠯᠭ᠎ᠠ ᠶᠢ 70 ᠳ᠋ᠦ᠋ᠩᠰᠢᠭᠤᠷ ᠲᠦᠭᠦᠷᠢᠭ ᠲᠤ ᠬᠦᠷᠭᠡᠬᠦ ᠪᠠᠷ ᠪᠤᠢ
ᠨᠡᠶᠢᠲᠡᠯᠡᠭᠰᠡᠨ ᠴᠠᠭ᠄
2024/3/27
      ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠵᠢᠭᠤᠯᠴᠢᠯᠠᠯ ᠤᠨ ᠪᠦᠳᠥᠭᠡᠭᠳᠡᠬᠦᠨ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ 34.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 85 ᠭᠤᠤᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠪᠥᠬᠦ ᠣᠷᠣᠨ ᠪᠦᠰᠡ᠂ ᠪᠥᠬᠦ ᠤᠯᠠᠷᠢᠯ ᠤᠨ᠂ ᠳᠡᠰ ᠳᠡᠪᠰᠢᠭᠰᠡᠨ ᠵᠢᠭᠤᠯᠴᠢᠯᠠᠯ ᠤᠨ ᠥᠢᠯᠡᠰ ᠢ ᠬᠦᠭᠵᠢᠬᠦᠯᠪᠡ᠃      ᠦᠢᠷ᠎ᠠ ᠶᠢᠨ ᠠᠷᠪᠠᠭᠠᠳ ᠵᠢᠯ ᠳᠤ ᠷᠠᠰᠢᠶᠠᠨ ᠬᠤᠲᠠ ᠪᠠᠶᠢᠭᠠᠯᠢ ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠢ ᠨᠡᠶᠢᠲᠡ 1650 ᠲᠦᠮᠡᠨ ᠮᠥ ᠬᠡᠷᠡᠭᠵᠢᠭᠦᠯᠵᠦ᠂ ᠠᠭᠤᠯᠠ ᠶᠢ ᠪᠢᠲᠡᠭᠦᠮᠵᠢᠯᠡᠨ ᠣᠶᠢᠵᠢᠭᠤᠯᠤᠭᠰᠠᠨ ᠳᠠᠯᠠᠪᠠᠢ 120 ᠲᠦᠮᠡᠨ ᠮᠥ᠂ ᠮᠣᠳᠣ ᠳᠠᠷᠢᠵᠤ ᠣᠶᠢᠵᠢᠭᠤᠯᠤᠭᠰᠠᠨ ᠳᠠᠯᠠᠪᠠᠢ 40 ᠲᠦᠮᠡᠨ ᠮᠥ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠳᠠᠯᠠᠪᠠᠢ 25 ᠲᠦᠮᠡᠨ ᠮᠥ ᠳᠤ ᠲᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 1.5 ᠲᠦᠮᠡᠨ ᠮᠥ ᠬᠡᠷᠡᠭᠵᠢᠭᠦᠯᠦᠭᠰᠡᠨ ᠪᠠᠶᠢᠨ᠎ᠠ᠃ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 81.2% ᠲᠤ ᠬᠦᠷᠴᠦ᠂ ᠤᠷᠭᠤᠮᠠᠯ ᠤᠨ ᠪᠦᠷᠬᠦᠴᠡ ᠶᠢᠨ ᠨᠤᠷᠮ᠎ᠠ 95% ᠠᠴᠠ ᠳᠡᠭᠡᠭᠰᠢ ᠳᠤ ᠬᠦᠷᠴᠦ᠂ ᠭᠠᠵᠠᠷ ᠳᠣᠤᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ ᠲᠥᠷᠥᠯ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃      ᠡᠨᠡ ᠵᠢᠯ᠂ ᠷᠠᠰᠢᠶᠠᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ ᠪᠣᠯ᠄ ᠠᠮᠠᠷᠠᠯᠲᠠ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠷᠠᠰᠢᠶᠠᠠ ᠬᠤᠳᠠ ᠶᠢᠨ ᠪᠦᠲᠦᠭᠡᠭᠳᠡᠬᠦᠨ ᠢ ᠬᠥᠭᠵᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠠᠩ ᠣᠯᠠᠨ ᠡᠰᠢᠵᠢᠬᠦᠯᠬᠦ᠂ ᠠᠵᠢᠯ ᠲᠥᠷᠥᠯ ᠤᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠦ᠂ ᠵᠢᠭᠤᠯᠴᠢᠯᠠᠯ ᠤᠨ ᠠᠭᠤᠷ ᠠᠮᠢᠰᠬᠤᠯ ᠢ ᠨᠡᠩ ᠵᠤᠵᠠᠭᠠᠳᠬᠠᠵᠤ᠂ ᠵᠢᠭᠤᠯᠴᠢᠯᠠᠯ ᠤᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠨᠡᠮᠡᠭᠳᠡᠭᠦᠯᠵᠦ᠂ ᠤᠯᠤᠰ ᠤᠨ ᠲᠡᠰ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠱᠶᠶ᠎ᠠ ᠦᠵᠡᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠡᠯᠡᠭᠦᠴᠡᠯ ᠵᠢᠭᠤᠯᠴᠢᠯᠠᠯ ᠤᠨ ᠵᠡᠭᠡᠯᠢ ᠲᠣᠭᠤᠷᠢᠭ᠂ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ ᠶᠢ 500 ᠲᠦᠮᠡᠨ ᠬᠥᠮᠦᠨ ᠤᠳᠠᠭ᠎ᠠ ᠳᠤ ᠲᠣᠭᠲᠠᠪᠤᠷᠢᠵᠢᠭᠤᠯᠵᠤ᠂ ᠵᠢᠭᠤᠯᠴᠢᠯᠠᠯ ᠤᠨ ᠣᠷᠣᠯᠭ᠎ᠠ ᠶᠢ 70 ᠳ᠋ᠦᠩᠰᠢᠭᠤᠷ ᠲᠥᠭᠦᠷᠢᠭ ᠲᠤᠯᠭᠠᠬᠤ ᠪᠠᠷ ᠪᠤᠢ᠃    ︵ᠰᠤᠨᠢᠨ︶
 
ᠢᠷᠡᠯᠲᠡ᠄ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号