ᠷᠠᠰᠢᠶᠠᠨ ᠬᠤᠲᠠ ᠶᠢᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/4
     ᠵᠠᠰᠠᠭ ᠤᠨ ᠣᠷᠳᠣᠨ ᠤ ᠠᠵᠢᠯ ᠤᠨ ᠢᠯᠡᠳᠬᠡᠯ       — 2024 ᠣᠨ ᠤ 1 ᠰᠠᠷ᠎ᠠ ᠶᠢᠨ 25 ᠤ ᠡᠳᠦᠷ ᠷᠠᠰᠢᠶᠠᠨ ᠬᠤᠳᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ      ᠬᠤᠳᠠ ᠶᠢᠨ ᠳᠠᠷᠤᠭ᠎ᠠ ᠸᠠᠩ ᠰᠢᠶᠣᠣ ᠬᠤᠸᠠᠨ      ᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠣᠭᠡᠯᠡᠭᠡᠳ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2023 ᠣᠨ ᠤ ᠠᠵᠢᠯ ᠤᠨ ᠡᠷᠭᠢᠴᠡᠭᠦᠯᠦᠯ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠬᠤᠷᠸ᠎ᠠ ᠠᠵᠤ ᠠᠬᠤᠢ ᠶᠢᠨ ᠪᠠᠶᠢᠳᠠᠯ ᠪᠣᠯᠣᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠣᠨ᠂ ︽12135︾ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ ᠪᠠᠷ᠂ ︽ᠨᠢᠭᠡ ᠬᠤᠳᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ ︾ ᠬᠥᠭᠵᠢᠯᠲᠡ ᠶᠢᠨ ᠴᠢᠭᠯᠡᠯ ᠳᠤ ᠰᠠᠭᠤᠷᠢᠯᠠᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠲᠡᠷᠢᠭᠦᠨ ᠢᠨᠵᠧᠨᠧᠷᠢᠩ ᠪᠣᠯᠭᠠᠵᠤ᠂ ᠡᠷᠡᠮᠡᠬᠡᠶᠢᠯᠡᠨ ᠤᠷᠤᠭᠰᠢᠯᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 23.1 ᠳ᠋ᠦᠩᠰᠢᠭᠤᠷ ᠲᠥᠭᠦᠷᠢᠭ ᠪᠡᠶᠡᠯᠡᠭᠦᠯᠣᠨ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠣᠷᠣᠭᠤᠯᠤᠯᠲᠠ ᠶᠢᠨ ᠪᠡᠯᠡ ᠮᠥᠩᠭᠦ 16.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 5.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%  ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 0.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.02% ᠢᠶᠠᠷ ᠪᠠᠭᠠᠰᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37816 ᠲᠥᠭᠦᠷᠢᠭ᠂ 16617 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3%᠂ 8.8% ᠪᠠᠷ ᠨᠡᠮᠡᠭᠳᠡᠪᠡ᠃      ᠨᠢᠭᠡ ᠵᠢᠯ ᠤᠨ ᠲᠤᠷᠰᠢ᠂ ᠪᠢᠳᠡ ᠬᠦᠴᠦ ᠪᠠᠨ ᠬᠠᠮᠲᠤᠳᠬᠠᠨ ᠨᠠᠷᠠᠲᠤ ᠲᠡᠮᠳᠡᠭᠲᠦ ᠶᠢ ᠡᠭᠦᠳᠴᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠵᠢᠭᠤᠯᠴᠢᠯᠠᠯ ᠤᠨ ᠬᠥᠭᠵᠢᠯᠲᠡ ᠶᠢᠨ ᠬᠡᠷᠡᠯ ᠭᠢᠯᠪᠠᠭ᠎ᠠ ᠶᠢ ᠪᠠᠳᠠᠷᠠᠭᠤᠯᠵᠡᠢ      ᠰᠢᠨ᠎ᠡ ᠶᠢ ᠡᠭᠦᠳᠬᠦ ᠣᠷᠣᠨ ᠤ ᠠᠵᠢᠯ ᠬᠦᠷ ᠬᠥᠭᠵᠢᠶᠡᠨ ᠲᠠᠢ ᠶᠠᠪᠤᠭᠳᠠᠵᠠᠢ᠃ 18.16 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ︽ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠶᠡᠷᠦᠩᠬᠡᠢ ᠲᠥᠯᠦᠪᠵᠢᠭᠦᠯᠭᠡ︾ ᠶᠢ ᠥᠨᠳᠥᠷ ᠬᠢᠷᠢ ᠲᠦᠪᠰᠢᠨ ᠢᠶᠠᠷ ᠨᠠᠶᠢᠷᠠᠭᠤᠯᠤᠨ ᠵᠣᠬᠢᠶᠠᠵᠤ᠂ ᠠᠮᠠᠷᠠᠯᠲᠠ ᠶᠢᠨ ᠣᠷᠣᠨ ᠤ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠣᠮᠵᠢ᠂  ᠷᠧ ᠯᠢ MALL ᠲᠠᠷᠢᠶᠠᠯᠠᠩ ᠵᠢᠭᠤᠯᠴᠢᠯᠠᠯ ᠤᠨ ᠴᠡᠴᠡᠷᠯᠢᠭ ᠵᠡᠷᠭᠡ ᠰᠢᠨ᠎ᠡ ᠶᠢ ᠡᠭᠦᠳᠬᠦ ᠤᠷᠤᠨ ᠤ 48 ᠲᠥᠷᠥᠯ ᠵᠦᠢᠯ ᠢ ᠴᠢᠨᠠᠷ ᠰᠠᠶᠢᠲᠠᠢ ᠪᠦᠲᠦᠭᠡᠨ ᠪᠠᠶᠢᠭᠤᠯᠪᠡ᠃ ᠣᠶ ᠰᠢᠭᠤᠢ ᠶᠢᠨ ᠴᠠᠰᠤᠲᠤ ᠲᠠᠯ᠎ᠠ᠂ ᠱᠧᠩ ᠴᠢᠤᠸᠠᠨ ᠴᠠᠰᠤᠲᠤ ᠲᠠᠯ᠎ᠠ ᠵᠡᠷᠭᠡ 12 ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ  ᠪᠠᠶᠢᠭᠤᠯᠵᠡᠢ︔ ᠴᠤᠤ ᠬᠠᠢ ᠭᠤᠳᠤᠮᠵᠢ᠂ ᠬᠠᠯᠤᠨ ᠪᠢᠴᠢᠭ ᠤᠨ ᠬᠦᠷᠢᠶᠡᠯᠡᠩ ᠵᠡᠷᠭᠡ 10 ᠲᠣᠭᠤᠷᠢᠨ ᠵᠣᠭᠠᠴᠠᠬᠤ ᠰᠢᠨ᠎ᠡ ᠭᠠᠵᠠᠷ ᠤᠨ ᠲᠡᠮᠳᠡᠭ ᠢ ᠪᠣᠶ ᠪᠣᠯᠭᠠᠪᠠ︔  ᠷᠡᠰᠢᠶᠠᠨ ᠵᠠᠰᠠᠯ᠂ ᠳ᠋ᠢᠩ ᠳ᠋ᠠᠩ ᠴᠧ ᠵᠡᠷᠭᠡ 10 ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠪᠡ︔  ᠬᠤᠷᠴᠠ ᠣᠯᠠᠭᠠᠨ ᠴᠡᠴᠡᠭ ᠰᠣᠨᠢᠷᠬᠠᠬᠤ᠂ ᠬᠠᠯᠠᠭᠤᠨ ᠷᠠᠰᠢᠶᠠᠨ ᠤ ᠴᠠᠰᠤᠲᠤ ᠶᠢᠷᠳᠢᠨᠴᠦ ᠵᠡᠷᠭᠡ 11 ᠵᠤᠷᠪᠤᠰ ᠵᠢᠭᠤᠯᠴᠢᠯᠠᠯ ᠤᠨ ᠰᠢᠨ᠎ᠡ ᠵᠠᠮ ᠱᠤᠭᠤᠮ ᠢ ᠭᠠᠷᠭᠠᠪᠠ᠃ ᠷᠠᠰᠢᠶᠠᠨ ᠤ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠰᠢᠯᠭᠠᠨ ᠪᠠᠶᠢᠴᠠᠭᠠᠯᠲᠠ ᠶᠢ ᠥᠩᠭᠡᠷᠡᠭᠡᠭᠡᠳ᠂ ᠪᠦᠬᠦ ᠣᠷᠣᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠠᠶᠢᠭᠤᠯᠬᠤ ᠴᠠᠭ ᠨᠢᠭᠡᠨᠲᠡ ᠬᠦᠷᠴᠦ ᠢᠷᠡᠵᠦ ᠪᠠᠶᠢᠳᠠᠯ ᠨᠢᠭᠡᠨᠲᠡ ᠪᠦᠷᠢᠯᠳᠦᠵᠡᠢ᠃      ᠵᠢᠭᠤᠯᠴᠢᠯᠠᠯ ᠤᠨ ᠦᠢᠯᠡᠴᠢᠯᠡᠭᠡ ᠶᠢ ᠰᠠᠶᠢᠵᠢᠷᠠᠭᠤᠯᠵᠠᠢ᠃ ᠦᠢᠯᠡᠴᠢᠯᠡᠭᠡ ᠶᠢ ᠲᠡᠷᠢᠭᠦᠨ ᠳᠤ ᠲᠠᠯᠪᠢᠬᠤ ᠣᠨᠣᠯᠵᠢᠬᠤᠨ ᠢ ᠪᠠᠷᠢᠮᠲᠠᠯᠠᠵᠤ᠂ ︽ᠲᠠᠪᠤᠨ ᠨᠠᠷᠠᠰᠤ︾ ᠶᠢᠨ ᠠᠵᠢᠯ ᠲᠥᠷᠥᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠰᠢᠨ᠎ᠡ ᠪᠠᠷ ᠡᠭᠦᠳᠦᠨ ᠲᠣᠭᠲᠠᠭᠠᠵᠤ᠂ ᠴᠧᠩ ᠶᠤᠸᠠᠢ ᠪᠠᠭᠤᠳᠠᠯ᠂ ᠶᠢᠨ ᠵᠢᠶᠠᠩ ᠪᠠᠭᠤᠳᠠᠯ ᠳᠥᠷᠪᠡᠨ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ ᠢᠶᠠᠷ ᠵᠥᠪᠰᠢᠶᠡᠷᠡᠭᠳᠡᠵᠦ᠂ ᠵᠢᠶᠠᠨ ᠱᠠᠨ ᠰᠢ ᠱᠠᠨ ᠬᠥᠬᠡᠭᠴᠢᠨ ᠲᠠᠰ ᠤᠨ ᠠᠷᠠᠳ ᠤᠨ ᠪᠠᠭᠤᠳᠠᠯ ᠢᠶᠠᠷ ᠳᠡᠪᠰᠢᠪᠡ᠃ ᠪᠥᠬᠦ ᠴᠠᠷᠠᠭᠠᠨ ᠤ ᠣᠶᠤᠨᠲᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠴᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠢᠷᠭᠤᠳᠤᠭᠠᠷ ᠬᠤᠭᠤᠴᠠᠭᠠᠨ ᠤ ︽ᠵᠠᠨ ᠹᠠᠩ ᠬᠤᠨᠳᠠᠭᠠᠲᠤ︾ 5G ᠶᠢᠨ ᠬᠡᠷᠡᠭᠯᠡᠭᠡᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ ᠵᠢᠭᠤᠯᠴᠢᠯᠠᠯ ᠤᠨ ᠢᠯᠡᠳᠬᠡᠭᠴᠢ ᠲᠡᠮᠳᠡᠭ ᠤᠨ ᠳᠠᠭᠠᠭᠤᠯᠤᠨ ᠦᠵᠡᠭᠦᠯᠬᠦ ᠰᠢᠰᠲ᠋ᠧᠮ ᠤᠨ ᠠᠮᠠᠷᠠᠯᠲᠠ ᠶᠢᠨ ᠣᠷᠣᠨ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠷᠠᠰᠢᠶᠠᠨ ᠤ ᠦᠢᠯᠡᠴᠢᠯᠡᠭᠡᠨ ᠤ ᠴᠣᠩᠬᠤ᠂ ᠠᠮᠠᠷᠠᠯᠲᠠ ᠶᠢᠨ ᠲᠣᠭᠤᠷᠢᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠵᠡᠷᠭᠡ ᠦᠢᠯᠡᠴᠢᠯᠡᠭᠡᠨ ᠤ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ︽1+4+N︾ ᠵᠢᠭᠤᠯᠴᠢᠯᠠᠯ ᠤᠨ ᠵᠥᠪᠯᠡᠯᠭᠡ ᠥᠭᠬᠦ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠪᠥᠬᠦ ᠤᠯᠤᠰ ᠲᠤ ︽ᠷᠠᠰᠢᠶᠠᠨ ᠢᠶᠠᠷ ᠵᠤᠭᠠᠴᠠᠨ ᠲᠣᠭᠤᠷᠢᠬᠤ︾ ᠲᠤᠬᠠᠢ ᠶᠡᠷᠦᠩᠬᠡᠶᠢᠯᠡᠭᠰᠡᠨ ᠳᠠᠭᠠᠳᠬᠠᠯ ᠢ ᠠᠩᠬ᠎ᠠ ᠡᠭᠦᠳᠴᠦ᠂ ︽ᠯᠤ᠋ ᠰᠢᠶᠤᠤ ᠶᠢᠤ︾ ︽ᠴᠠᠰᠤᠨ ᠨᠣᠣᠯᠣᠭᠤᠷ ᠴᠡᠴᠡᠭ︾ ᠵᠡᠷᠭᠡ ︽ᠬᠠᠮᠢᠶᠠᠷᠤᠭᠴᠢ ᠮᠠᠶ᠋ᠢᠭ︾ ᠤᠨ ᠵᠢᠭᠤᠯᠴᠢᠯᠠᠯ ᠤᠨ ᠦᠢᠯᠡᠴᠢᠯᠡᠭᠡᠨ ᠤ ᠡᠩᠨᠡᠭᠡ ᠶᠢ ᠵᠢᠱᠢᠶ᠎ᠡ ᠦᠵᠡᠭᠦᠯᠦᠨ ᠪᠠᠶᠢᠭᠤᠯᠵᠤ᠂ ︽ᠷᠠᠰᠢᠶᠠᠨ ᠢ ᠳᠤᠯᠠᠭᠠᠴᠠᠭᠤᠯᠬᠤ︾ ᠦᠢᠯᠡᠴᠢᠯᠡᠭᠡᠨ ᠤ ᠳᠦᠷᠢ ᠲᠥᠷᠬᠦ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠠᠢ᠃      ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠠᠵᠢᠯᠯᠠᠭ᠎ᠠ ᠮᠠᠰᠢ ᠬᠥᠭᠵᠢᠶᠡᠨ ᠲᠠᠢ ᠶᠠᠪᠤᠭᠳᠠᠵᠠᠢ᠃ ︽ᠳᠥᠷᠪᠡᠨ ᠤᠯᠠᠷᠢᠯ ᠤᠨ ᠷᠠᠰᠢᠶᠠᠨ ·   ᠪᠠᠨ ᠵᠢᠶᠦ᠋ᠨ ᠱᠠᠨ ᠠᠭᠤᠯᠠ ᠤᠰᠤᠨ ᠤ ᠵᠢᠭᠤᠯᠴᠢᠯᠠᠯ︾ ᠤᠨ ᠠᠵᠢᠯᠯᠠᠭ᠎ᠠ ᠶᠢᠨ ᠲᠥᠰᠥᠯ ᠢ ᠲᠣᠭᠲᠠᠭᠠᠵᠤ᠂ ᠪᠥᠬᠦ ᠵᠢᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠥᠷᠨᠢᠯᠲᠡ ᠶᠢ ᠳᠦᠷᠢᠮᠵᠢᠭᠦᠯᠦᠨ ᠳᠠᠭᠠᠭᠤᠯᠪᠠ᠃ 2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ᠂ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠢ ᠶᠢᠨ ᠶᠠᠷᠢᠶᠠᠨ ᠤ ᠲᠠᠪᠴᠠᠩ ᠵᠡᠷᠭᠡ ᠬᠤᠷᠠᠯ ᠤᠨ ᠶᠠᠷᠢᠶᠠᠨ ᠤ ᠲᠠᠪᠴᠠᠩ᠂ ᠪᠠᠶᠠᠷ ᠳᠤᠷᠠᠰᠬᠠᠯ ᠤᠨ ᠠᠵᠢᠯᠯᠠᠭ᠎ᠠ ᠶᠢ 66 ᠤᠳᠠᠭ᠎ᠠ ᠠᠮᠵᠢᠯᠲᠠ ᠲᠠᠢ ᠡᠷᠭᠢᠯᠡᠵᠦ᠂ ︽ᠷᠠᠰᠢᠶᠠᠨ︾ ᠤ ᠨᠠᠷᠠᠲᠤ ᠲᠥᠷᠥᠯ ᠲᠡᠮᠳᠡᠭᠲᠦ ᠶᠢ ᠪᠥᠬᠦ ᠤᠯᠤᠰ ᠤᠨ ᠡᠯ᠎ᠡ ᠲᠣᠮᠣ ᠭᠤᠣᠯ ᠵᠠᠭᠤᠴᠢᠯᠠᠭᠤᠷ ᠪᠠ ᠪᠥᠬᠦ ᠳᠡᠯᠡᠬᠡᠢ ᠶᠢᠨ ᠨᠠᠷᠠᠲᠤ ᠲᠥᠷᠥᠯ ᠲᠡᠮᠳᠡᠭᠲᠦ ᠪᠠᠷ ᠳᠡᠯᠭᠡᠨ ᠦᠵᠡᠭᠦᠯᠪᠡ᠃ ᠠᠷᠪᠠᠨ ᠨᠠᠢᠮᠠᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠲᠤ ︽2024 ᠣᠨ ᠤ ᠮᠥᠰᠥ ᠴᠠᠰᠤᠨ ᠤ ᠵᠢᠭᠤᠯᠴᠢᠯᠠᠯ ᠤᠨ ᠠᠷᠪᠠᠨ ᠰᠢᠯᠢᠳᠡᠭ ᠨᠠᠶᠢᠷ︾ ᠤᠨ ᠴᠣᠯᠠ ᠭᠥᠷᠳᠡᠪᠡ᠃ ᠳᠤᠮᠳᠠᠳᠤ ᠶᠢᠨ ᠰᠣᠶᠣᠯ ᠤᠨ ᠤᠬᠢᠶᠠᠯᠭ᠎ᠠ ᠶᠢᠨ ᠵᠠᠮ 2A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠬᠢᠯᠢ ᠶᠢᠨ ᠪᠣᠭᠤᠮᠲᠠ 3A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠷᠠᠰᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠵᠢᠭᠤᠯᠴᠢᠯᠠᠯ ᠢᠶᠠᠷ ︽ᠭᠤᠷᠪᠠᠨ ᠵᠠᠮ ᠬᠠᠷᠢᠯᠴᠠᠭ᠎ᠠ︾ ᠶᠢ ᠠᠬᠢᠭᠤᠯᠬᠤ ᠵᠢᠱᠢᠶ᠎ᠡ ᠦᠵᠡᠭᠦᠯᠬᠦ ᠲᠤᠷᠰᠢᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠰᠢ ᠺᠧᠦ ᠬᠥᠳᠡᠭᠡ ᠲᠣᠰᠬᠤᠨ ᠤ ᠵᠢᠭᠤᠯᠴᠢᠯᠠᠯ ᠪᠦᠬᠦ ᠤᠯᠤᠰ ᠤᠨ ᠵᠢᠭᠤᠯᠴᠢᠯᠠᠯ ᠤᠨ ᠰᠣᠳᠣᠨ ᠱᠤᠭᠤᠮ ᠢᠶᠠᠷ ᠰᠣᠩᠭᠤᠭᠳᠠᠵᠤ᠂ ᠷᠠᠰᠢᠶᠠᠨ ᠤ ᠳᠦᠷᠪᠡᠨ ᠤᠯᠠᠷᠢᠯ ᠪᠦᠬᠦ ᠤᠯᠤᠰ ᠲᠤ ᠨᠡᠷ᠎ᠡ ᠠᠯᠳᠠᠷᠰᠢᠵᠠᠢ᠃ ᠵᠢᠭᠤᠯᠴᠢᠯᠠᠯ ᠤᠨ ᠬᠥᠭᠵᠢᠯᠲᠡᠢ ᠤᠯᠠᠷᠢᠯ 6 ᠰᠠᠷ᠎ᠠ ᠰᠢᠬᠠᠮ ᠪᠠᠶᠢᠵᠤ᠂ ᠪᠥᠬᠦ ᠵᠢᠯ ᠳᠤ 536.71 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 67.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃      ᠨᠢᠭᠡ ᠵᠢᠯ ᠤᠨ ᠲᠤᠷᠰᠢ᠂ ᠪᠢᠳᠡ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ᠬᠥᠬᠡᠮᠳᠦᠭ ᠠᠭᠤᠯᠠ ᠶᠢ ᠰᠠᠬᠢᠨ᠂ ᠴᠡᠩᠭᠡᠭ ᠤᠰᠤ ᠶᠢ ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢ ᠦᠷᠭᠦᠯᠵᠢᠯᠡᠨ ᠢᠯᠡᠷᠡᠭᠦᠯᠪᠡ      ᠠᠮᠢ ᠠᠬᠤᠢ ᠶᠢᠨ ᠬᠠᠮᠠᠭᠠᠯᠠᠯᠲᠠ ᠢᠯᠡᠳᠲᠡ ᠠᠮᠵᠢᠯᠲᠠ ᠪᠦᠲᠦᠮᠵᠢ ᠣᠯᠪᠠ᠃ 3.05 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ︽ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ︾ ︽ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ︾ ᠶᠢ ᠨᠠᠶᠢᠷᠠᠭᠤᠯᠤᠨ ᠪᠡᠶᠡᠯᠡᠭᠦᠯᠵᠦ᠂ 1092.75 ᠲᠦᠮᠡᠨ ᠮᠦ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠰᠦᠪ ᠢ ᠬᠡᠷᠡᠭᠵᠢᠭᠦᠯᠦᠨ᠂ 27.33 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢᠨ ᠢᠳᠡᠭᠳᠡᠯ ᠢ ᠵᠠᠰᠠᠵᠤ᠂ ᠬᠠᠯᠬ᠎ᠠ ᠭᠤᠣᠯ ᠤᠨ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠢ ᠶᠢ ᠵᠠᠰᠠᠨ ᠰᠡᠷᠭᠦᠭᠡᠬᠦ ᠪᠠ ᠵᠠᠰᠠᠬᠤ᠂ ᠢᠷᠪᠢᠰ ᠪᠠᠭ᠎ᠠ ᠰᠠᠪᠠ ᠭᠠᠵᠠᠷ ᠤᠨ ᠤᠰᠤ ᠰᠢᠷᠣᠢ ᠶᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠣᠶᠤᠨᠲᠤ ᠭᠠᠯ ᠰᠡᠷᠭᠡᠶᠢᠯᠡᠯᠲᠡ ᠶᠢᠨ ᠵᠢᠯᠤᠭᠤᠳᠬᠤ ᠲᠥᠪ᠂ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠤᠳᠤᠯᠭᠠᠨ ᠤ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠠᠵᠢᠯ ᠦᠢᠯᠡᠰ ᠤᠨ ᠲᠣᠭᠤᠷᠢᠭ ᠤᠨ ᠭᠠᠯ ᠰᠡᠷᠭᠡᠶᠢᠯᠡᠯᠲᠡ ᠶᠢᠨ ᠣᠶᠤᠨᠲᠤ ᠬᠢᠨᠠᠨ ᠬᠡᠮᠵᠢᠯᠲᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠡᠢ︔ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠭᠠᠯ ᠰᠡᠷᠭᠡᠶᠢᠯᠡᠬᠦ ᠬᠤᠯᠪᠣᠭ᠎ᠠ ᠠᠪᠬᠤ ᠥᠷᠲᠡᠭᠡ ᠶᠢ ᠪᠠᠶᠢᠭᠤᠯᠵᠤ᠂ ︽ᠵᠡᠭᠦᠨ ᠬᠡᠰᠡᠭ ᠤᠨ ᠭᠤᠷᠪᠠᠨ ᠮᠤᠵᠢ ᠣᠷᠣᠨ ᠲᠤᠯᠤᠭᠠᠨ ᠠᠶᠢᠮᠠᠭ ᠬᠤᠲᠠ︾ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠬᠠᠮᠲᠤᠷᠠᠭᠰᠠᠨ ᠰᠡᠷᠭᠡᠶᠢᠯᠡᠯᠲᠡ ᠶᠢᠨ ᠬᠤᠷᠠᠯ ᠢ ᠡᠷᠭᠢᠯᠡᠵᠦ᠂ ︽4 · 10︾ ᠤ ᠮᠣᠩᠭᠤᠯ ᠤᠯᠤᠰ ᠤᠨ ᠭᠠᠯ ᠲᠦᠢᠮᠡᠷ ᠤᠨ ᠮᠠᠨ ᠤ ᠤᠯᠤᠰ ᠤᠨ ᠬᠢᠯᠢ ᠳᠤ ᠣᠷᠣᠬᠤ ᠶᠢ ᠠᠮᠵᠢᠯᠲᠠ ᠲᠠᠢ ᠬᠤᠷᠢᠭᠯᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠪᠦᠯᠦᠭ ᠤᠨ ᠣᠶ ᠰᠢᠭᠤᠢ ᠶᠢᠨ ᠬᠤᠲᠠ ᠶᠢ ᠡᠭᠦᠳᠦᠨ ᠪᠠᠶᠢᠭᠤᠯᠬᠤ ᠨᠢᠭᠡᠴᠢ ᠪᠠᠷ ᠵᠥᠪᠰᠢᠶᠡᠷᠡᠭᠳᠡᠵᠦ᠂ ᠪᠡᠭᠡᠵᠢᠩ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠫᠠᠶᠢᠰᠠ ᠡᠯᠭᠦᠨ ᠪᠠᠶᠢᠭᠤᠯᠤᠭᠳᠠᠵᠤ᠂ ᠬᠤᠲᠠ ᠶᠢᠨ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃ ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ 80 ᠲᠣᠨ ᠠᠭᠤᠷᠰᠢᠭᠤᠯᠬᠤ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ ᠶᠢ 98%   ᠠᠴᠠ ᠲᠡᠭᠡᠭᠰᠢ ᠶᠢ ᠪᠠᠳᠣᠯᠠᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠣᠳᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠬᠡᠰᠡᠭ ᠪᠤᠯᠭᠠᠨ ᠳᠤ ᠬᠠᠮᠢᠶᠠᠷᠤᠯᠲᠠ ᠶᠢᠨ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠬᠢᠨᠠᠨ ᠬᠡᠮᠵᠢᠯᠲᠡ ᠳᠤ Ⅲ ᠲᠦᠷᠦᠯ ᠤᠨ ᠪᠠᠷᠢᠮᠵᠢᠶ᠎ᠠ ᠠᠴᠠ ᠳᠡᠭᠡᠭᠰᠢᠬᠢ ᠶᠢ ᠪᠠᠲᠤᠯᠠᠵᠤ᠂ ᠪᠦᠬᠦ ᠬᠤᠲᠠ ᠶᠢᠨ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100% ᠳᠤ ᠬᠦᠷᠭᠡᠵᠦ᠂ ᠬᠤᠰᠢᠭᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠰᠢᠯᠭᠠᠯᠳᠠ ᠶᠢ ᠠᠮᠵᠢᠯᠳᠠ ᠲᠠᠢ ᠥᠩᠭᠡᠷᠡᠭᠡᠪᠡ᠃ ᠪᠣᠬᠢᠷᠲᠤᠯ ᠦᠭᠡᠢ ᠠᠭᠤᠷᠬᠠᠢ ᠶᠢ ᠨᠡᠬᠡᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠦᠢᠯᠡᠳᠪᠦᠷᠢᠯᠡᠭᠰᠡᠨ ᠠᠭᠤᠷᠬᠠᠢ ᠳᠤ ᠴᠥᠮ ᠵᠢᠷᠤᠮᠵᠢᠭᠰᠠᠨ ᠬᠠᠮᠢᠶᠠᠷᠤᠯᠲᠠ ᠲᠠᠢ ᠪᠤᠯᠭᠠᠪᠠ᠃ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠦᠵᠡᠭᠦᠯᠭᠡ ᠶᠢᠨ ᠲᠢᠩᠬᠢᠮ ᠫᠠᠶᠢᠰᠠ ᠰᠡᠬᠦᠵᠦ ᠠᠰᠢᠭᠯᠠᠯᠲᠠ ᠳᠤ ᠣᠷᠣᠭᠠᠳ ᠤᠯᠤᠰ ᠤᠨ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠣᠯᠣᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠡᠷ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ᠃      ᠠᠮᠢ ᠠᠬᠤᠢ ᠶᠢᠨ ᠦᠨ᠎ᠡ ᠦᠷᠳᠡᠭ ᠡᠳᠦᠷ ᠢᠷᠡᠬᠦᠶ᠎ᠡ ᠲᠣᠪᠣᠶᠢᠮ᠎ᠠ ᠪᠣᠯᠪᠠ᠃ ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ︾ ︽ᠷᠠᠰᠢᠶᠠᠨ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ︾ ︽ᠣᠶ ᠰᠢᠭᠤᠢ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠴᠡᠭ ᠤᠨ ᠰᠠᠭᠤᠷᠢ ᠲᠠᠯ᠎ᠠ ᠶᠢᠨ ᠪᠠᠶᠢᠴᠠᠭᠠᠯᠲᠠ ᠶᠢ ᠪᠡᠶᠡᠯᠡᠭᠦᠯᠵᠦ᠂ 8.25 ᠲᠦᠮᠡᠨ ᠮᠦ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠪᠣᠯᠬᠤ ᠪᠥᠭᠡᠳ ᠬᠢᠩᠭᠠᠨ ᠠᠶᠢᠮᠠᠭ ᠤᠨ ᠣᠶ ᠰᠢᠭᠤᠢ ᠨᠣᠳᠤᠭ ᠪᠡᠯᠴᠢᠭᠡᠷ ᠲᠠᠬᠢ ᠨᠡᠭᠦᠷᠡᠰᠦᠳᠦ᠋ᠷᠦᠭᠴᠢ ᠶᠢ ᠬᠤᠷᠠᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠰᠣᠩᠭᠤᠭᠳᠠᠨ ᠣᠷᠣᠵᠠᠢ᠃ ᠲᠦᠮᠡᠨ ᠬᠡᠭᠡᠷ᠎ᠡ ᠶᠢᠨ ᠵᠡᠭᠡᠷ᠎ᠡ ᠶᠢᠨ ᠨᠡᠭᠦᠳᠡᠯᠯᠡᠨ ᠬᠢᠯᠢ ᠳᠤ ᠣᠷᠣᠵᠤ ᠢᠷᠡᠬᠦ ᠪᠠᠶᠢᠳᠠᠯ ᠢ ᠠᠰᠢᠭᠯᠠᠨ᠂ ︽ᠪᠥᠬᠦᠩᠳᠦ ᠷᠠᠰᠢᠶᠠᠨ︾ ᠤ ᠨᠠᠷᠠᠲᠤ ᠲᠡᠮᠳᠡᠭᠲᠦ ᠶᠢ ᠬᠦᠴᠦᠯᠡᠨ ᠡᠭᠦᠳᠴᠦ᠂ ᠵᠡᠭᠡᠷ᠎ᠡ ᠶᠢᠨ ᠠᠵᠤ ᠠᠬᠤᠢ ᠶᠢ ᠦᠷᠭᠦᠯᠵᠢᠯᠡᠨ ᠬᠥᠭᠵᠢᠶᠡᠨ ᠲᠠᠢ ᠪᠣᠯᠭᠠᠪᠠ᠃ ᠪᠣᠬᠢᠷᠲᠤᠯ ᠦᠭᠡᠢ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠵᠦ᠂ ︽ᠷᠠᠰᠢᠶᠠᠨ ᠤᠰᠤᠨ ᠤ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽ᠤᠰᠤᠨ ᠭᠠᠷᠤᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ︾ ᠶᠢ ᠲᠣᠭᠲᠠᠭᠠᠨ ᠨᠡᠶᠢᠲᠡᠯᠡᠵᠦ᠂ ᠢᠯᠢ ᠶᠢᠨ ︽ᠷᠠᠰᠢᠶᠠᠨᠳᠤ ᠴᠠᠢ︾ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠪᠠ᠃ ︽ᠷᠠᠰᠢᠶᠠᠨ ᠤᠰᠤ︾ ᠤᠯᠤᠰ ᠤᠨ ᠭᠠᠵᠠᠷ ᠰᠢᠨᠵᠢᠯᠡᠭᠡᠨ ᠤ ᠪᠡᠯᠭᠡ ᠲᠡᠮᠳᠡᠭ ᠤᠨ ᠭᠡᠷᠡᠴᠢᠯᠡᠯ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃  ᠢ ᠺᠧ ᠷᠠᠰᠢᠶᠠᠨ ᠤᠰᠤ ᠨᠢ 20 ᠳ᠋ᠤᠭᠠᠷ ᠬᠤᠭᠤᠴᠠᠭᠠᠨ ᠤ ᠳᠡᠯᠡᠬᠡᠢ ᠶᠢᠨ ᠢᠳᠡᠬᠦ ᠤᠰᠤᠨ ᠤ ᠶᠡᠭᠡ ᠬᠤᠷᠠᠯ ᠳᠡᠭᠡᠷ᠎ᠡ ︽ᠭᠤᠷᠪᠠᠨ ᠵᠦᠢᠯ ᠤᠨ ᠬᠠᠮᠤᠭ ᠤᠨ ᠰᠠᠶᠢᠨ︾ ᠢᠶᠠᠷ ᠨᠡᠷ᠎ᠡ ᠳᠤᠷᠠᠳᠤᠭᠳᠠᠪᠠ᠃      ᠨᠢᠭᠡ ᠵᠢᠯ ᠤᠨ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠤ ᠳᠤᠲᠠᠭᠤᠳᠠᠯ ᠢᠶᠠᠨ ᠨᠥᠬᠦᠪᠦᠷᠢᠯᠡᠵᠦ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠠᠴᠠ ᠬᠤᠲᠠ ᠪᠠᠯᠭᠠᠰᠤᠨ ᠤ ᠳᠦᠷᠰᠦ ᠪᠠᠶᠢᠳᠠᠯ ᠴᠤ᠋ ᠰᠢᠨ᠎ᠡ ᠪᠣᠯᠪᠠ      ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ 3.41 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠥᠭᠡᠷᠡᠴᠢᠯᠡᠯᠲᠡ ᠶᠢᠨ 10 ᠲᠥᠷᠥᠯ ᠵᠦᠢᠯ ᠢ ᠬᠡᠷᠡᠭᠵᠢᠭᠦᠯᠵᠦ᠂ ᠵᠡᠭᠡᠯᠢ ᠲᠣᠭᠤᠷᠢᠭ ᠤᠨ 22 ᠵᠤᠷᠪᠤᠰ ᠵᠠᠮ ᠢ ᠬᠠᠲᠠᠭᠤᠷᠠᠭᠤᠯᠤᠨ ᠳᠡᠪᠢᠰᠴᠤ᠂ 33 ᠺᠢᠯᠣᠮᠧᠲᠷ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠰᠢᠨᠡᠳᠬᠡᠵᠦ᠂ 5.5 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠠᠰᠠᠷ ᠢ ᠥᠭᠡᠷᠡᠴᠢᠯᠡᠨ᠂ 4378 ᠡᠷᠦᠬᠡ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 200 ᠡᠷᠦᠬᠡ ᠶᠢᠨ ᠤᠰᠤ ᠬᠠᠩᠭᠠᠬᠤ ᠪᠠ ᠤᠰᠤ ᠵᠠᠯᠠᠬᠤ ᠲᠦᠬᠦᠭᠡᠷᠦᠮᠵᠢ ᠶᠢ ᠨᠢᠭᠡ ᠴᠣᠭᠴᠠᠵᠢᠭᠤᠯᠤᠨ ᠥᠭᠡᠷᠡᠴᠢᠯᠡᠵᠦ᠂ 100 ᠡᠷᠦᠬᠡ ᠶᠢᠨ ᠵᠣᠷᠯᠣᠩ ᠢ ᠥᠭᠡᠷᠡᠴᠢᠯᠡᠨ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ᠃ ᠵᠢᠭᠤᠯᠴᠢᠯᠠᠯ ᠤᠨ ᠣᠳᠣᠨ ᠲᠠᠰ ᠤᠨ 4 ᠵᠣᠷᠯᠣᠩ ᠪᠠ 14 ᠪᠣᠬᠢᠷᠲᠤᠯ ᠦᠭᠡᠢ ᠣᠶᠤᠨᠲᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢ ᠰᠢᠨ᠎ᠡ ᠪᠠᠷ ᠨᠡᠮᠡᠭᠳᠡᠭᠦᠯᠵᠦ᠂ ᠭᠤᠣᠯ ᠬᠤᠲᠠ ᠶᠢᠨ ᠲᠣᠭᠤᠷᠢᠭ ᠤᠨ ᠳᠤᠭᠤᠢ ᠤᠨᠤᠬᠤ ᠵᠠᠮ᠂ ᠶᠠᠪᠠᠭᠠᠨ ᠶᠠᠪᠤᠬᠤ ᠵᠠᠮ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ︽ᠳᠤᠯᠤᠭ᠎ᠠ ᠶᠢ ᠲᠣᠳᠣᠷᠬᠠᠶᠢᠯᠠᠬᠤ᠂ ᠭᠤᠷᠪᠠ ᠶᠢ ᠥᠭᠡᠷᠡᠴᠢᠯᠡᠬᠦ᠂ ᠭᠤᠷᠪᠠᠨ ᠣᠳᠣᠬᠢᠴᠢᠯᠠᠯᠲᠠ︾ ᠶᠢᠨ ᠲᠤᠰᠬᠠᠢ ᠠᠵᠢᠯᠯᠠᠭ᠎ᠠ ᠶᠢᠨ ᠰᠢᠨ᠎ᠡ ᠶᠢ ᠡᠭᠦᠳᠦᠨ᠂ 1.24 ᠲᠡᠭᠰᠢ ᠳᠥᠷᠪᠡᠯᠵᠢᠨ ᠺᠢᠯᠣᠮᠧᠲᠷ ᠣᠷᠴᠢᠨ ᠠᠬᠤᠢ ᠶᠢ ᠴᠡᠭᠴᠡᠯᠡᠨ ᠵᠠᠰᠠᠵᠤ᠂ 1.43 ᠲᠡᠭᠰᠢ ᠳᠥᠷᠪᠡᠯᠵᠢᠨ ᠺᠢᠯᠣᠮᠧᠲᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠪᠡ︔ ᠰᠠᠭᠤᠭᠠᠯᠢ ᠠᠷᠠᠳ ᠤᠨ ᠲᠡᠷᠭᠡ ᠬᠥᠰᠬᠡ ᠶᠢᠨ ᠡᠪᠦᠯᠵᠢᠬᠦ ᠬᠦᠴᠢᠷ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ 770 ᠳᠤᠯᠠᠭᠠᠨ ᠲᠡᠷᠭᠡᠨ ᠤ ᠬᠥᠮᠥᠷᠭᠡ ᠶᠢ ᠵᠢᠷᠤᠮᠵᠢᠭᠤᠯᠤᠨ ᠪᠠᠶᠢᠭᠤᠯᠵᠤ᠂ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠣᠭᠤᠷᠢᠨ ᠬᠢᠨᠠᠨ ᠵᠢᠯᠤᠭᠤᠳᠬᠤ ᠳᠤᠭᠤᠶᠢᠯᠠᠩ ᠤᠨ ᠳᠡᠭᠡᠳᠦ ᠬᠡᠮᠵᠢᠶᠡᠨ ᠤ ᠵᠥᠪᠰᠢᠶᠡᠷᠡᠯ ᠪᠠ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠪᠠ᠃      ᠪᠠᠯᠭᠠᠰᠤ ᠲᠣᠰᠬᠤᠨ ᠤ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠢᠯᠡᠳᠲᠡ ᠪᠠᠶᠢᠵᠤ᠂ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠪᠠᠢ ᠯᠠᠩ ᠪᠠᠯᠭᠠᠰᠤᠨ ᠤ ᠴᠢᠰᠦᠨ ᠡᠪᠡᠷ ᠦᠢᠯᠡᠳᠪᠦᠷᠢᠯᠡᠵᠦ ᠡᠳ᠋ᠰᠢᠭᠦᠯᠬᠦ ᠶᠢ ᠨᠢᠭᠡ ᠴᠣᠭᠴᠠᠵᠢᠭᠤᠯᠬᠤ᠂ ᠲᠢᠶᠠᠨ ᡂᠢ ᠪᠠᠯᠭᠠᠰᠤᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ 34 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠳ᠋ᠦᠩᠴᠧᠩ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠰᠣᠶᠣᠯ ᠵᠢᠭᠤᠯᠴᠢᠯᠠᠯ ᠤᠨ ᠶᠠᠮᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ  ᠪᠠᠷ ᠭᠦᠨᠵᠡᠭᠡᠶᠢᠷᠡᠭᠦᠯᠵᠦ᠂ ᠳ᠋ᠥᠡᠭᠴᠸᠡᠭ ᠲᠣᠭᠤᠷᠢᠭ ᠤᠨ ᠴᠢᠳᠠᠪᠤᠷᠢᠲᠠᠨ ᠤ ᠡᠷᠡᠭᠦᠯ ᠮᠡᠨᠳᠦ ᠶᠢᠨ ᠰᠤᠪᠢᠯᠠᠯᠲᠠ ᠶᠢᠨ ᠰᠠᠭᠤᠷᠢᠨ ᠭᠠᠵᠠᠷ ᠪᠠᠶᠢᠭᠤᠯᠤᠭᠳᠠᠵᠤ᠂ ᠪᠦᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠵᠢᠭᠤᠯᠴᠢᠯᠠᠯ ᠤᠨ ᠤᠷᠠᠯᠢᠭ ᠢ ᠳᠡᠭᠡᠭᠰᠢᠯᠡᠭᠦᠯᠬᠦ ᠲᠦᠷᠦᠯ ᠵᠦᠢᠯ ᠪᠣᠯᠣᠨ ᠪᠦᠬᠦ ᠤᠯᠤᠰ ᠤᠨ ᠠᠩᠬᠠᠳᠠᠭᠴᠢ ᠳᠤᠮᠳᠠᠳᠤ ᠤᠯᠤᠰ ᠤᠨ ᠤᠷᠠᠯᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠲᠡᠭᠡ ᠰᠢᠺᠸᠦ ᠲᠣᠰᠬᠤᠨ ᠳᠤ ᠨᠤᠲᠤᠭᠰᠢᠪᠠ᠃ ᠪᠠᠢ ᠯᠠᠩ ᠪᠠᠯᠭᠠᠰᠤ ᠪᠣᠯᠣᠨ ᠠᠷᠡᠳ  ᠤᠨ ᠵᠠᠩ ᠣᠶᠢᠯᠡ ᠶᠢᠨ ᠲᠣᠰᠬᠤᠨ᠂ ᠰᠢ ᠺᠧᠦ ᠲᠣᠰᠬᠤᠨ ᠴᠥᠮ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠪᠠᠷ ᠵᠥᠪᠰᠢᠶᠡᠷᠡᠭᠳᠡᠵᠦ᠂ ᠰᠢ ᠺᠧᠦ ᠲᠣᠰᠬᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠭᠰᠡᠨ ᠰᠢᠯᠢᠳᠡᠭ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ ᠪᠥᠬᠦ ᠵᠢᠯ ᠤᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠥᠬᠦ ᠠᠶᠢᠮᠠᠭ ᠲᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠪᠦᠲᠦᠭᠡᠯ ᠪᠠᠶᠠᠷᠯᠠᠭᠤᠰᠢᠲᠠᠢ ᠪᠠᠶᠢᠵᠤ᠂ ᠪᠥᠬᠦ ᠠᠶᠢᠮᠠᠭ ᠤᠨ ᠬᠠᠮᠤᠭ ᠤᠨ ᠲᠣᠮᠣ ᠱᠣ᠋ ᠪᠤᠭᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠠᠮᠤᠭ ᠤᠨ ᠲᠣᠮᠣ ᠴᠢᠴᠠᠷᠭᠠᠨ᠎ᠠ ᠳᠠᠷᠢᠬᠤ ᠰᠠᠭᠤᠷᠢᠨ ᠭᠠᠵᠠᠷ᠂ ᠬᠠᠮᠤᠭ ᠤᠨ ᠰᠠᠶᠢᠨ ᠲᠠᠷᠢᠶᠠᠯᠠᠩ ᠪᠠ ᠵᠢᠭᠤᠯᠴᠢᠯᠠᠯ ᠢ ᠤᠶᠠᠯᠳᠤᠭᠤᠯᠤᠭᠰᠠᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠪᠠ ᠪᠠᠶᠢᠭᠠᠯᠢ ᠶᠢᠨ ᠪᠠᠶᠢᠳᠠᠯ ᠲᠠᠢ ᠢᠳᠡᠭᠡᠨ ᠤ ᠮᠥᠭᠦ ᠶᠢ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠡᠢ᠃ ︽ᠨᠤᠲᠤᠭ ᠤᠨ ᠣᠨᠴᠠ ᠭᠠᠷᠤᠯᠲᠠ︾ ᠶᠢᠨ 6 ᠲᠥᠷᠥᠯ ᠤᠨ 27 ᠵᠦᠢᠯ ᠤᠨ ᠪᠦᠲᠦᠭᠡᠭᠳᠡᠬᠦᠨ ᠢ ᠠᠮᠵᠢᠯᠲᠠ ᠲᠠᠢ ᠨᠡᠭᠡᠭᠡᠨ ᠬᠥᠭᠵᠢᠭᠦᠯᠵᠦ᠂ ᠷᠠᠰᠢᠶᠠᠨ ᠤ ᠪᠥᠭᠡᠷᠡᠯᠵᠢᠭᠡᠨ᠎ᠡ᠂ ᠪᠤᠯᠳᠤᠷᠤᠤ ᠮᠦᠭᠦ ᠨᠢ ᠤᠯᠤᠰ ᠤᠨ ᠲᠠᠰ ᠤᠨ ᠨᠠᠷᠠᠲᠤ ᠣᠨᠴᠠ ᠰᠢᠯᠢᠳᠡᠭ ᠰᠢᠨ᠎ᠡ ᠨᠠᠷᠠᠲᠤ ᠲᠥᠷᠥᠯ ᠲᠡᠮᠳᠡᠭᠲᠦ ᠶᠢᠨ ᠭᠡᠷᠡᠴᠢᠯᠡᠯ ᠢ ᠭᠥᠷᠳᠡᠪᠡ᠃ ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ ᠲᠠᠢ ᠬᠠᠮᠲᠤᠷᠠᠨ ᠢᠳᠡᠰᠢᠨ ᠮᠦᠬᠦ᠂ ᠬᠦᠢᠲᠡᠨ ᠤᠰᠤᠨ ᠤ ᠵᠢᠭᠠᠰᠤᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠠᠵᠢᠯ ᠤᠨ ᠦᠷᠳᠡᠭᠡ ᠶᠢ ᠪᠠᠶᠢᠭᠤᠯᠪᠠ᠃ ᠪᠦᠬᠦ ᠤᠯᠤᠰ ᠤᠨ ᠠᠩᠬᠠᠳᠠᠭᠴᠢ ᠰᠢᠭᠤᠶᠢᠲᠤ ᠣᠷᠣᠨ ᠤ ᠪᠷᠦ᠋ᠼᠧᠯ ᠡᠪᠡᠳᠴᠢᠨ ᠦᠭᠡᠢ ᠣᠷᠣᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃      ᠵᠠᠮ ᠬᠠᠷᠢᠯᠴᠠᠭᠠᠨ ᠤ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠪᠡ᠃ ᠪᠥᠬᠦ ᠣᠷᠣᠨ ᠤ ᠠᠩᠬᠠᠳᠠᠭᠴᠢ ︽ᠭᠤᠷᠪᠠ ᠶᠢ ᠨᠢᠭᠡᠳᠬᠡᠭᠰᠡᠨ︾ ᠬᠢᠯᠢ ᠶᠢᠨ ᠬᠠᠮᠠᠭᠠᠯᠠᠯᠲᠠ ᠶᠢᠨ ᠴᠠᠭᠳᠠᠨ ᠲᠣᠭᠤᠷᠢᠬᠤ ᠵᠠᠮ᠂ S308 ᠢᠷᠪᠢᠰ ᠠᠴᠠ ᠴᠠᠢ ᠾᠧ ᠬᠦᠷᠬᠦ ᠬᠡᠰᠡᠭ᠂ ᠦ᠋ ᠴᠠ ᠭᠧᠦ ᠠᠴᠠ ᠮᠢᠩ ᠱᠦᠢ ᠬᠦᠷᠬᠦ ᠵᠠᠰᠠᠮᠠᠯ ᠵᠠᠮ ᠢ ᠳᠡᠪᠢᠰᠦᠭᠡᠳ ᠲᠡᠷᠭᠡ ᠨᠡᠪᠲᠡᠷᠡᠭᠦᠯᠦᠨ᠂ ᠷᠡᠰᠢᠶᠠᠨ ᠢᠷᠪᠢᠰ ᠤᠨ ᠲᠣᠭᠤᠷᠢᠯᠲᠠ ᠶᠢᠨ ᠵᠠᠮ ᠢ ᠥᠭᠡᠷᠡᠴᠢᠯᠡᠨ ᠵᠠᠰᠠᠵᠤ ᠲᠠᠰ ᠳᠡᠪᠰᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠳᠠ ︵ᠰᠢᠶᠠᠨ︶ ᠶᠢ ᠭᠤᠶᠤᠴᠢᠯᠠᠨ ᠳᠡᠭᠡᠭᠰᠢ ᠮᠡᠳᠡᠭᠦᠯᠪᠡ᠃ ᠨᠢᠰᠬᠡᠯ ᠤᠨ ᠪᠠᠭᠤᠳᠠᠯ ᠪᠥᠬᠦ ᠵᠢᠯ ᠳᠤ ᠠᠮᠤᠷ ᠲᠦᠪᠰᠢᠨ ᠢᠶᠠᠷ ᠠᠵᠢᠯᠯᠠᠵᠤ᠂ ᠪᠡᠭᠡᠵᠢᠩ᠂ ᠬᠥᠬᠡᠬᠤᠲᠠ᠂ ᠭᠤᠸᠠᠩᠵᠧᠦ ᠶᠢᠨ ᠵᠢᠭᠤᠯᠴᠢᠯᠠᠯ ᠤᠨ ᠠᠶᠠᠯᠠᠯ ᠤᠨ ᠱᠤᠭᠤᠮ ᠢ ᠨᠠᠪᠲᠠᠷᠡᠭᠦᠯᠵᠦ᠂ 826 ᠨᠢᠰᠬᠡᠯ ︵ᠤᠳᠠᠭ᠎ᠠ︶ ᠤᠨ ᠲᠡᠭᠡᠭᠡᠪᠦᠷᠢ ᠶᠢ ᠪᠠᠲᠤᠯᠠᠵᠤ᠂ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 4.18 ᠲᠦᠮᠡᠨ ᠬᠥᠮᠥᠨ ︵ᠤᠳᠠᠭ᠎ᠠ︶ ᠢ ᠪᠡᠶᠡᠯᠡᠭᠦᠯᠪᠡ︔ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠲᠤᠰᠬᠠᠢ ᠮᠡᠷᠭᠡᠵᠢᠯᠲᠡᠨ ᠤ ᠨᠤᠳᠠᠯᠠᠯ ᠢ ᠤᠯᠵᠠᠢ᠃ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠶᠢᠨ ᠰᠤᠳᠤᠯᠭᠠᠨ ᠵᠥᠪᠰᠢᠶᠡᠷᠡᠭᠳᠡᠵᠦ᠂ ᠴᠧᠩᠳᠦ᠋᠂ ᠬᠠᠷᠪᠢᠨ᠂ ᠳ᠋ᠠᠯᠢᠶᠠᠨ ᠵᠡᠷᠭᠡ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ 79 ᠤᠳᠠᠭ᠎ᠠ ᠨᠠᠪᠲᠠᠷᠡᠭᠦᠯᠵᠦ᠂ ᠵᠤᠭᠠᠴᠠᠭᠰᠠᠳ ᠢ ᠳᠡᠭᠡᠭᠡᠪᠤᠷᠢᠯᠡᠭᠰᠡᠨ ᠬᠦᠮᠦᠨ ᠤ ᠲᠤᠭ᠎ᠠ 2.2 ᠲᠦᠮᠡ ᠳᠤ ᠬᠦᠷᠴᠡᠢ᠃      ᠨᠢᠭᠡ ᠵᠢᠯ ᠤᠨ ᠲᠤᠷᠰᠢ᠂ ᠪᠢᠳᠡ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠮᠡᠷᠡᠶᠢᠨ ᠴᠢᠷᠮᠠᠶᠢᠵᠤ᠂ ᠨᠡᠭᠡᠭᠡᠯᠲᠡ ᠶᠢ ᠥᠷᠭᠡᠳᠬᠡᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠦᠷᠭᠡᠨ ᠢᠶᠠᠷ ᠪᠠᠳᠠᠷᠠᠭᠤᠯᠪᠠ      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠠᠯ᠎ᠠ ᠪᠠᠷ ᠣᠯᠠᠨ ᠲᠠᠯ᠎ᠠ ᠪᠠᠷ ᠬᠦᠴᠦᠯᠡᠪᠡ᠃ ︽2023 ᠣᠨ ᠤ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠶᠢ ᠬᠡᠷᠡᠭᠵᠢᠭᠦᠯᠬᠦ ᠲᠥᠰᠥᠯ︾ ᠢ ᠲᠣᠭᠲᠠᠭᠠᠨ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷᠴᠤᠳ ᠪᠦᠬᠦ ᠬᠤᠳᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠵᠦ᠂ 1532 ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ᠂ ᠬᠠᠨᠤᠮᠵᠢᠲᠠᠶ ᠨᠤᠷᠮ᠎ᠠ ᠨᠢ ᠴᠥᠮ 100% ᠳᠤ ᠬᠦᠷᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ 662 ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 280.5% ᠪᠠᠷ ᠨᠡᠮᠡᠭᠳᠡᠪᠡ᠃ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠰᠦᠢᠳᠬᠡᠯ ᠨᠢ 1900 ᠭᠠᠷᠤᠢ ᠲᠦᠮᠡᠨ ᠲᠦᠭᠦᠷᠢᠭ ᠲᠤ ᠬᠦᠷᠴᠡᠢ᠃ ᠵᠠᠰᠠᠭ ᠤᠨ ᠶᠠᠪᠤᠳᠠᠯ ᠤᠨ ᠣᠷᠣᠨ ᠠᠯᠤᠰᠯᠠᠨ ᠭᠦᠢᠴᠡᠳᠭᠡᠬᠦ ᠠᠵᠢᠯ ᠠᠶᠢᠮᠠᠭ ᠠᠴᠠ ᠭᠠᠷᠴᠤ᠂ ᠪᠡᠭᠡᠵᠢᠩ ᠲᠢᠶᠠᠨᠵᠢᠨ ᠾᠧᠪᠧᠢ ᠵᠡᠷᠭᠡ 6 ᠭᠠᠵᠠᠷ ᠣᠷᠣᠨ ᠯᠤᠭ᠎ᠠ 183 ᠵᠦᠢᠯ ᠤᠨ ᠤᠴᠢᠷ ᠶᠠᠪᠤᠳᠠᠯ ᠢ ᠭᠦᠢᠴᠡᠳᠭᠡᠵᠦ᠂ 1836 ᠵᠦᠢᠯ ᠤᠨ ᠤᠴᠢᠷ ᠶᠠᠪᠤᠳᠠᠯ ᠢ ᠰᠢᠢᠳᠪᠦᠷᠢᠯᠡᠵᠡᠢ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠦᠰᠡᠯ ᠱᠠᠭᠠᠷᠳᠠᠯᠭ᠎ᠠ ᠶᠢ 3619 ᠬᠤᠪᠢ ᠰᠢᠢᠳᠪᠦᠷᠢᠯᠡᠵᠦ᠂ ︽ᠴᠤᠤᠷᠢᠶᠠᠳᠤᠨ ᠲᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ᠂ ᠰᠢᠢᠳᠪᠦᠷᠢᠯᠡᠵᠦ ᠳᠠᠭᠤᠰᠬᠠᠬᠤ ᠨᠣᠷᠮ᠎ᠠ︾  ᠨᠢ ᠴᠥᠮ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠶᠢᠨ ︽ᠰᠠᠶᠢᠳᠤᠷ ᠦᠢᠯᠡᠴᠢᠯᠡᠬᠦ︾ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠭᠠᠷᠭᠠᠵᠤ᠂ ᠶᠠᠪᠤᠵᠤ ᠰᠠᠭᠤᠬᠤ ᠳᠤ ᠳᠥᠭᠦᠮ ᠦᠭᠡᠢ 550 ᠰᠠᠭᠤᠭᠠᠯᠢ ᠠᠷᠠᠳ ᠲᠤ ᠭᠡᠷ ᠲᠤᠨᠢ ᠬᠦᠷᠴᠦ ᠦᠢᠯᠡᠴᠢᠯᠡᠬᠦ ᠠᠵᠢᠯ ᠢ ᠥᠷᠨᠢᠭᠦᠯᠵᠦ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠬᠠᠮᠤᠭ ᠰᠡᠭᠦᠯᠴᠢ ᠶᠢᠨ ︽ᠨᠢᠭᠡ ᠺᠢᠯᠣᠮᠧᠲᠷ︾ ᠢ ᠨᠡᠪᠲᠡᠷᠡᠭᠦᠯᠪᠡ᠃      ᠬᠥᠭᠵᠢᠯᠲᠡ ᠶᠢᠨ ᠬᠥᠳᠡᠯᠭᠡᠬᠦ ᠬᠦᠴᠦᠨ ᠢᠳᠡ ᠬᠦᠴᠦᠲᠡᠢ ᠪᠠᠶᠢᠨ᠎ᠠ᠃ ᠪᠦᠬᠦ ᠵᠢᠯ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠡᠬᠢ ᠪᠠᠶᠠᠯᠢᠭ ᠬᠤᠭᠤᠰᠤᠷᠠᠭᠰᠠᠨ ᠬᠤᠳᠠ ᠶᠢᠨ ᠬᠡᠯᠪᠡᠷᠢ ᠶᠢ ᠲᠦᠷᠭᠡᠨ ᠬᠤᠪᠢᠷᠠᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠥᠪ ᠬᠤᠳᠠ ᠪᠠᠯᠭᠠᠰᠤᠨ ᠳᠤ ᠲᠤᠷᠰᠢᠯᠲᠠ ᠬᠢᠬᠦ ᠵᠡᠷᠭᠡ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ 13.8 ᠳ᠋ᠦᠩᠰᠢᠭᠤᠷ ᠲᠥᠭᠦᠷᠢᠭ ᠳᠡᠭᠡᠭᠰᠢᠯᠡᠭᠦᠯᠬᠦ ᠪᠠᠷ ᠴᠢᠷᠮᠠᠶᠢᠪᠠ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 21.95 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠴᠢᠬᠤᠯᠠ ᠶᠡᠭᠡ ᠵᠦᠢᠯᠡᠰ᠂ ᠴᠢᠬᠤᠯᠠ ᠬᠦᠷᠢᠶ᠎ᠡ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠢ ᠬᠦᠴᠦᠲᠡᠢ ᠪᠠᠲᠤᠯᠠᠪᠠ᠃ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠳ᠋ᠠ ᠸᠠᠨ ᠲᠣᠭᠤᠷᠢᠭ ᠵᠡᠷᠭᠡ ᠭᠠᠵᠠᠷ ᠲᠤ 53 ᠤᠳᠠᠭ᠎ᠠ ᠬᠤᠳᠠᠯᠳᠤᠭᠠᠴᠢᠨ ᠤᠷᠢᠵᠤ᠂ 23 ᠲᠦᠷᠦᠯ ᠵᠦᠢᠯ ᠢ ᠣᠷᠣᠭᠤᠯᠤᠨ ᠠᠪᠴᠢᠷᠠᠵᠤ᠂ 28.05 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠠᠳᠠᠯᠢ ᠬᠤᠭᠤᠴᠠᠭᠠᠨ ᠤ  ᠬᠢ ᠠᠴᠠ 20% ᠪᠠᠷ ᠨᠡᠮᠡᠭᠳᠡᠪᠡ᠃ ᠪᠦᠬᠦ ᠣᠷᠣᠨ ᠤ ᠠᠩᠬᠠᠳᠠᠭᠴᠢ ᠬᠤᠸᠠ ᠷᠦᠨ ᠬᠦᠰᠡᠯᠡᠩᠲᠦ ᠵᠢᠵᠢᠭ ᠪᠠᠯᠭᠠᠰᠤᠨ ᠤ ᠲᠦᠷᠦᠯ ᠵᠦᠢᠯ ᠷᠠᠰᠢᠶᠠᠨ ᠳᠤ ᠨᠤᠲᠤᠭᠰᠢᠵᠤ᠂ ᠨᠡᠭᠦᠷᠡᠰᠦᠲᠥ᠋ᠷᠥᠭᠴᠢ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ ᠲᠠᠢ ᠸᠧᠢ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠱᠧᠩ ᠴᠢᠤᠸᠠᠨ ᠡᠷᠡᠭᠦᠯ ᠬᠠᠮᠠᠭᠠᠯᠠᠯ ᠤᠨ ᠲᠥᠪ ᠤᠨ ᠬᠢᠨ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ᠃ ᠤᠯᠤᠰ ᠤᠨ ᠲᠠᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ 6 ᠬᠤᠲᠠ ᠳᠤ ᠬᠠᠷᠢᠶᠠᠯᠠᠭᠳᠠᠬᠤ ᠤᠯᠤᠰ ᠤᠨ ᠲᠠᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 1.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 81% ᠪᠠᠷ ᠨᠡᠮᠡᠭᠳᠡᠨ᠂ ᠠᠰᠢᠭ ᠭᠠᠶᠢᠯᠢ 0.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 112% ᠢᠶᠠᠷ ᠨᠡᠮᠡᠭᠳᠡᠪᠡ᠃      ᠭᠠᠳᠠᠭᠰᠢ ᠨᠡᠭᠡᠭᠡᠯᠲᠡ ᠬᠢᠬᠦ ᠨᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃ 2.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠣᠭᠤᠮᠲᠠ ᠶᠢᠨ ᠰᠠᠭᠤᠷᠢ ᠲᠦᠬᠦᠭᠡᠷᠣᠮᠵᠢ ᠶᠢ ᠳᠡᠭᠡᠭᠰᠢᠯᠡᠭᠦᠯᠬᠦ᠂ ᠤᠰᠤᠨ ᠠᠰᠢᠭᠯᠠᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠵᠠᠮ ᠵᠡᠷᠭᠡ 5 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠡᠢ᠃ ATA ᠬᠡᠯᠡᠯᠴᠡᠭᠡᠷ ᠬᠠᠭᠤᠳᠠᠰᠤᠨ  ᠳᠤ ᠭᠠᠷ ᠤᠨ ᠥᠰᠥᠭ ᠵᠢᠷᠤᠭᠰᠠᠨ ᠬᠡᠮᠵᠢᠶ᠎ᠡ ᠨᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠡᠢ︔ ᠪᠣᠭᠤᠮᠲᠠ ᠪᠠᠷ ᠥᠩᠭᠡᠷᠡᠬᠦ ᠶᠢ ᠰᠡᠷᠭᠦᠭᠡᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠲᠤ ᠡᠵᠡᠩᠨᠡᠯᠲᠡ ᠶᠢᠨ ᠵᠥᠪᠰᠢᠶᠡᠷᠡᠯ ᠣᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠡᠳ᠋ ᠪᠠᠷᠠᠭ᠎ᠠ 6000 ᠭᠠᠷᠤᠢ ᠲᠣᠨ ᠳᠤ ᠬᠦᠷᠴᠦ᠂ 4469.27 ᠲᠦᠮᠡᠨ ᠳ᠋ᠣᠯᠯᠠᠷ ᠤᠨ ᠠᠷᠠᠯᠵᠢᠶ᠎ᠠ ᠮᠠᠶᠢᠮᠠᠢ ᠶᠢ ᠬᠢᠵᠡᠢ᠃ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠤᠷᠤᠨ ᠨᠤᠳᠤᠭ ᠲᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠯᠦᠭᠡ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭ᠎ᠠ ᠪᠠᠶᠢᠭᠤᠯᠵᠡᠢ︔ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ᠂ ᠷᠠᠰᠢᠶᠠᠨ ᠤ ᠰᠧᠨ ᠭᠥᠩ ᠺᠣᠮᠫᠠᠨᠢ ᠲᠠᠢ ᠬᠠᠮᠲᠤᠷᠠᠯᠴᠠᠵᠤ᠂ ᠶᠢᠨ ᠵᠢᠶᠠᠩ ᠭᠧᠦ ᠬᠠᠯᠠᠭᠤᠨ ᠷᠠᠰᠢᠶᠠᠨ ᠤ ᠠᠮᠠᠷᠠᠯᠲᠠ ᠶᠢᠨ ᠣᠷᠣᠨ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠬᠠᠮᠲᠤᠪᠠᠷ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠣᠨ᠂ ᠮᠣᠩᠭᠤᠯ ᠤᠯᠤᠰ ᠲᠠᠢ ᠨᠥᠬᠦᠷᠰᠡᠭ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠪᠠ ᠬᠠᠷᠢᠯᠴᠠᠨ ᠠᠶᠢᠯᠴᠢᠯᠠᠯᠲᠠ ᠶᠢ 10 ᠤᠳᠠᠭ᠎ᠠ ᠶᠠᠪᠤᠭᠳᠠᠭᠤᠯᠪᠠ︔ ᠭᠤᠸᠠᠩᠳᠦ᠋ᠩ ᠮᠤᠵᠢ ᠶᠢᠨ ᠷᠣ᠋ ᠶᠤᠸᠠᠨ ᠰᠢᠶᠠᠨ᠂ ᠬᠤᠪᠧᠢ ᠮᠤᠵᠢ ᠶᠢᠨ ᠵᠢᠩᠱᠠᠨ ᠬᠤᠳᠠ᠂ ᠭᠦᠢᠵᠧᠦ ᠮᠤᠵᠢ ᠶᠢᠨ ᠠᠨ ᠯᠦᠩ ᠰᠢᠶᠠᠨ ᠵᠡᠷᠭᠡ 6 ᠭᠠᠵᠠᠷ ᠣᠷᠣᠨ ᠲᠠᠢ ᠨᠥᠬᠦᠷᠰᠡᠭ ᠬᠤᠳᠠ ᠶᠢᠨ ᠬᠠᠷᠢᠴᠠᠭ᠎ᠠ ᠪᠠᠶᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢᠨᠲᠠ ᠰᠢᠨ᠎ᠡ ᠳᠡᠭᠲᠡᠷ ᠲᠤ ᠭᠠᠷᠪᠠ᠃      ᠨᠢᠭᠡ ᠵᠢᠯ ᠤᠨ ᠲᠤᠷᠰᠢ᠂ ᠪᠢᠳᠡ ᠰᠡᠳᠬᠢᠯ ᠲᠠᠯᠪᠢᠵᠤ ᠬᠦᠴᠦᠨ ᠴᠢᠳᠠᠯ ᠢᠶᠠᠨ ᠰᠢᠪᠬᠠᠨ ᠠᠷᠠᠳ ᠤᠨ ᠠᠮᠢᠳᠤᠷᠠᠯ ᠢ ᠪᠠᠲᠤᠯᠠᠵᠤ᠂ ᠠᠮᠤᠷ ᠠᠮᠤᠭᠤᠯᠠᠩ ᠢ ᠬᠠᠮᠠᠭᠠᠯᠠᠵᠤ᠂ ᠠᠷᠠᠳ ᠤᠨ ᠠᠮᠢᠳᠤᠷᠠᠯ ᠢ ᠪᠠᠶᠠᠨ ᠴᠢᠨᠡᠭᠡᠯᠢᠭ ᠠᠮᠤᠷ ᠠᠮᠤᠭᠤᠯᠠᠩ ᠪᠣᠯᠭᠠᠪᠠ      ᠤᠯᠠᠨ ᠨᠡᠶᠢᠲᠡ ᠶᠢᠨ ᠦᠢᠯᠡᠴᠢᠯᠡᠭᠡ ᠨᠡᠩ ᠢᠯᠡᠭᠦᠦ ᠪᠣᠳᠠᠲᠠᠢ ᠶᠢ ᠡᠷᠬᠢᠮᠯᠡᠪᠡ᠃ ᠰᠤᠷᠭᠠᠨ ᠬᠥᠮᠦᠵᠢᠯ ᠤᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ 2368 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠥᠭᠡᠷᠡᠴᠢᠯᠡᠬᠦ ᠵᠡᠷᠭᠡ 23 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ︔ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠪᠡᠭᠡᠵᠢᠩ ᠥᠪᠥᠷ ᠮᠣᠩᠭᠤᠯ ᠤᠨ ᠲᠤᠰᠬᠠᠢ ᠱᠤᠭᠤᠮ ᠤᠨ ᠬᠢᠴᠢᠶᠡᠯ ᠤᠨ ᠭᠡᠷ ᠢ ᠠᠰᠢᠭᠯᠠᠯᠲᠠ ᠳᠤ ᠣᠷᠣᠭᠤᠯᠵᠤ᠂ ᠪᠥᠬᠦ ᠠᠶᠢᠮᠠᠭ ᠤᠨ ᠠᠩᠬᠠᠳᠠᠭᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠤᠲᠠ ︵ᠰᠢᠶᠠᠨ︶ ᠶᠢᠨ ᠠᠩᠬᠠᠨ ᠤ ᠰᠢᠯᠭᠠᠯᠲᠠ ᠶᠢ ᠪᠡᠶᠡᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠣᠷᠣᠭᠰᠠᠨ ᠬᠥᠮᠥᠨ ᠤ ᠲᠤᠭ᠎ᠠ ᠠᠷᠪᠠᠨ ᠲᠠᠪᠤᠨ ᠵᠢᠯ ᠤᠨ ᠰᠢᠨ᠎ᠡ ᠲᠡᠮᠳᠡᠭᠯᠡᠯ ᠢ ᠡᠭᠦᠳᠪᠡ᠃ ᠨᠢᠭᠡᠳᠦᠭᠡᠷ ᠪᠠᠭ᠎ᠠ ᠰᠤᠷᠭᠠᠭᠤᠯᠢ ᠨᠢ ᠪᠦᠬᠦ ᠤᠯᠤᠰ ᠤᠨ ᠤᠯᠠᠭᠠᠨ ᠪᠦᠴᠡᠲᠡᠨ ᠤ ᠰᠢᠯᠢᠳᠡᠭ ᠳᠤᠮᠳᠠ ᠠᠩᠭᠢ ᠪᠠᠷ ᠦᠨᠡᠯᠡᠭᠳᠡᠵᠦ᠂ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢᠶᠠᠷ ᠵᠥᠪᠰᠢᠶᠡᠷᠡᠭᠳᠡᠪᠡ᠃ ᠡᠮᠴᠢᠯᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ 1740 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂  ᠷᠡᠰᠢᠶᠠᠨ ᠡᠮᠲᠦ ᠤᠬᠢᠶᠠᠯᠭ᠎ᠠ ᠶᠢᠨ ᠲᠥᠪ ᠢ ᠠᠰᠢᠭᠯᠠᠯᠲᠠ ᠳᠤ ᠣᠷᠣᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ︽ᠳᠥᠷᠪᠡᠨ ᠲᠠᠰ︾ ᠤᠨ ᠠᠯᠤᠰ ᠡᠵᠡᠮᠰᠢᠯᠳᠦ ᠡᠮᠴᠢᠯᠡᠭᠡᠨ ᠤ ᠲᠠᠪᠴᠠᠩ ᠢ ᠪᠦᠷᠢᠨ ᠪᠦᠷᠬᠦᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠬᠤᠲᠠ ᠶᠢᠨ ᠴᠣᠯᠠ ᠶᠢ ᠭᠥᠷᠳᠡᠪᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠴᠡᠴᠡᠭᠯᠡᠨ ᠬᠥᠭᠵᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠷᠠᠰᠢᠶᠠᠨ ᠳᠠᠬᠢ ᠬᠤᠪᠢᠶᠠᠷᠢ ᠰᠠᠩ ᠵᠢᠩᠬᠢᠨᠢ ᠪᠠᠷ ᠫᠠᠶᠢᠰᠠ ᠰᠡᠬᠦᠵᠦ᠂ ᠠᠩᠬᠠᠳᠤᠭᠠᠷ ᠬᠤᠭᠤᠴᠠᠭᠠᠨ ᠤ ᠬᠤᠲᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ︽ᠮᠦᠷᠦᠭᠡᠳᠦᠯ ᠤᠨ ᠮᠣᠳᠣ︾ ᠨᠢ ᠳᠤᠮᠳᠠᠳᠤ ᠤᠯᠤᠰ ᠤᠨ ᠺᠢᠨᠣ᠋ ᠶᠢᠨ ᠬᠤᠸᠠ ᠪᠢᠶᠤᠤ ᠱᠠᠩᠨᠠᠯ ᠢ ᠭᠥᠷᠳᠡᠵᠦ᠂ ︽ᠱᠦᠢ ᠶᠦᠨ ᠷᠠᠰᠢᠶᠠᠨ︾ ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠤᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃      ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠩ ᠢᠯᠡᠭᠦᠦ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠢᠶᠠᠨ ᠪᠠᠲᠤ ᠰᠠᠬᠢᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠥᠬᠦᠪᠦᠷᠢ ᠪᠡᠯᠡ ᠮᠥᠩᠭᠦ ᠶᠢ 13.26 ᠳ᠋ᠦᠩᠰᠢᠭᠤᠷ ᠲᠥᠭᠦᠷᠢᠭ ᠲᠠᠷᠬᠠᠭᠠᠵᠤ᠂ ᠣᠯᠠᠨ ᠲᠦᠮᠡᠨ ᠳᠤ 10.15 ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 96%᠂ 100% ᠳᠤ ᠬᠦᠷᠴᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ 160 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠪᠡ᠃ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾ ᠤᠨ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ 29 ᠤᠴᠢᠷ ᠶᠠᠪᠤᠳᠠᠯ ᠢ ᠰᠢᠢᠳᠪᠦᠷᠢᠯᠡᠪᠡ᠃ 52 ᠡᠷᠦᠬᠡ ᠶᠢᠨ ᠵᠡᠮᠳᠡᠭᠴᠦᠳ ᠤᠨ ᠭᠡᠷ ᠪᠦᠯᠢ ᠳᠤ ᠰᠠᠭᠠᠳ ᠦᠭᠡᠢ ᠥᠭᠡᠷᠡᠴᠢᠯᠡᠯᠲᠡ ᠬᠢᠬᠦ ᠶᠢ ᠪᠡᠶᠡᠯᠡᠭᠦᠯᠪᠡ᠃ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠯᠢ ᠶᠢᠨ ᠵᠢᠵᠢᠭᠦᠷᠯᠡᠬᠦ ᠭᠠᠵᠠᠷ ᠲᠤ ᠴᠠᠬᠢᠯᠭᠠᠨ ᠲᠠᠲᠠᠬᠤ᠂ ᠤᠰᠤ ᠬᠠᠩᠭᠠᠬᠤ ᠢᠨᠵᠧᠨᠧᠷᠢᠩ ᠵᠡᠷᠭᠡ 32 ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠲᠥᠷᠥᠯ ᠵᠦᠢᠯ ᠢ ᠪᠡᠶᠡᠯᠡᠭᠦᠯᠵᠦ᠂ ᠴᠡᠷᠢᠭ ᠠᠴᠠ ᠬᠠᠯᠠᠭᠳᠠᠭᠰᠠᠨ 50 ᠬᠦᠮᠦᠨ ᠢ ᠲᠣᠬᠢᠲᠠᠢ ᠲᠥᠪᠬᠢᠨᠡᠭᠦᠯᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠲᠤᠷᠰᠢᠯᠲᠠ ᠶᠢᠨ ᠨᠢᠭᠡᠴᠢ ᠶᠢᠨ ᠢᠷᠠᠭᠤ ᠠᠯᠳᠠᠷ ᠢ ᠭᠥᠷᠳᠡᠪᠡ᠃ ︽1+3︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠪᠠ ︽1+8︾ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ︽15 ᠮᠢᠨᠦ᠋ᠲ︾ ᠤᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠯᠤᠰ ᠤᠨ ᠲᠠᠰ ᠤᠨ ᠣᠶ ᠰᠢᠭᠤᠢ ᠶᠢᠨ ᠡᠷᠡᠭᠦᠯᠵᠢᠯ ᠰᠤᠪᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠᠷ ᠵᠥᠪᠰᠢᠶᠡᠷᠡᠭᠳᠡᠵᠦ᠂ ᠳᠤᠮᠳᠠᠳᠤ ᠤᠯᠤᠰ ᠤᠨ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠣᠨ ᠤ ᠤᠯᠠᠷᠢᠯ ᠤᠨ ᠣᠷᠣᠰᠢᠨ ᠠᠮᠢᠳᠤᠷᠠᠬᠤ ᠭᠠᠵᠠᠷ ᠢᠶᠠᠷ ᠰᠣᠩᠭᠤᠭᠳᠠᠪᠠ᠃      ᠠᠮᠤᠷ ᠲᠦᠪᠰᠢᠨ ᠲᠣᠭᠲᠠᠭᠤᠨ ᠪᠠᠶᠢᠳᠠᠯ ᠢ ᠨᠡᠩ ᠪᠠᠲᠤᠳᠬᠠᠵᠡᠢ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠯᠠᠪᠳᠠᠭᠤᠨ ᠪᠦᠲᠦᠮᠵᠢᠲᠡᠶ ᠶᠠᠪᠤᠭᠳᠠᠵᠤ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠠᠮ ᠬᠠᠷᠢᠯᠴᠠᠭᠠᠨ ᠤ ᠡ᠊ᠨᠳᠡᠯ ᠳᠤ ᠡ᠊ᠨᠳᠡᠭᠰᠡᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 40% ᠪᠠᠷ ᠪᠠᠭᠤᠷᠠᠵᠤ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠡ᠊ᠨᠳᠡᠯ ᠪᠠ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠲᠣᠭᠲᠠᠭᠤᠨ ᠢᠶᠠᠷ ᠡᠵᠡᠮᠳᠡᠵᠦ ᠪᠣᠯᠬᠤ ᠪᠣᠯᠭᠠᠵᠤ᠂ ᠥᠷᠢ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠨ᠂ ᠵᠠᠮ ᠬᠠᠷᠢᠯᠴᠠᠭᠠᠨ ᠤ ᠪᠠᠲᠤᠯᠠᠭᠠᠲᠤ ᠠᠰᠠᠷ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ ᠠᠮᠤᠷ ᠠᠮᠤᠭᠤᠯᠠᠩ ᠷᠠᠰᠢᠶᠠᠨ ᠢ ᠦᠷᠭᠦᠯᠵᠢᠯᠡᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠠᠮᠢᠨ ᠬᠡᠷᠡᠭ ᠭᠠᠷᠬᠤ ᠦᠭᠡᠢ ᠦᠷ᠎ᠡ ᠪᠦᠲᠦᠭᠡᠯ ︾ ᠢ ᠦᠷᠭᠦᠯᠵᠢᠯᠡᠨ ᠪᠠᠬᠢᠵᠢᠭᠦᠯᠵᠦ᠂ ᠵᠡᠭᠡᠯᠢ ᠭᠤᠳᠤᠮᠵᠢ ᠪᠠᠷ ᠳᠡᠭᠡᠷᠡᠮᠳᠡᠨ ᠪᠤᠯᠢᠶᠠᠭᠰᠠᠨ ᠬᠡᠷᠡᠭ ᠠᠷᠪᠠᠨ ᠵᠢᠯ ᠳᠠᠷᠠᠭᠠᠯᠠᠨ ᠭᠠᠷᠤᠭᠰᠠᠨ ᠦᠭᠡᠢ︔ ᠭᠤᠷᠪᠠᠨ ᠱᠠᠲᠤᠨ ᠤ ︽ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ︾ ᠶᠢᠨ ᠲᠣᠭᠲᠠᠴᠠ ᠶᠢ ᠪᠠᠶᠢᠭᠤᠯᠵᠤ᠂ ︽ᠴᠢᠤᠸᠠᠨᠴᠧᠩ ᠣᠷᠣᠯᠠᠨ ᠭᠦᠢᠴᠡᠳᠬᠡᠬᠦ︾ ᠨᠠᠷᠠᠲᠤ ᠲᠥᠷᠥᠯ ᠲᠡᠮᠳᠡᠭᠲᠦ ᠶᠢ ᠠᠷᠠᠳ ᠤᠨ ᠰᠡᠳᠬᠢᠯ ᠳᠤ ᠭᠦᠨ ᠬᠠᠳᠠᠩᠰᠢᠭᠤᠯᠵᠤ᠂ ᠠᠩᠬᠠᠨ ᠤ ᠵᠠᠬᠢᠳᠠᠯ ᠰᠣᠷᠪᠤᠯᠵᠢᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 62.5% ᠪᠠᠷ ᠪᠠᠭᠤᠷᠠᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠪᠠᠳᠠᠷᠠᠭᠤᠯᠵᠤ᠂ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠪᠦᠬᠦ ᠤᠯᠤᠰ ᠤᠨ ᠭᠤᠷᠪᠠᠳᠤᠭᠠᠷ ᠪᠦᠯᠦᠭ ᠤᠨ ︽ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾  ᠶᠢᠨ ᠢᠷᠠᠭᠤ ᠠᠯᠳᠠᠷ ᠢ ᠬᠦᠷᠲᠡᠵᠦ᠂ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠦᠷᠲᠡᠵᠡᠢ᠃      ᠡᠭᠦᠨ ᠤ ᠵᠡᠷᠭᠡᠪᠡᠷ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠪᠠ︔ ᠵᠡᠪᠰᠡᠭᠳᠤ ᠬᠦᠴᠦᠨ᠂ ᠬᠢᠨᠠᠨ ᠪᠤᠳᠤᠬᠤ᠂ ᠬᠠᠩᠭᠠᠨ ᠪᠣᠷᠣᠯᠠᠭᠤᠯᠬᠤ᠂ ᠴᠠᠭ ᠠᠭᠤᠷ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃      ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠪᠢᠳᠡ ᠰᠤᠷᠲᠠᠯ ᠢᠶᠠᠨ ᠲᠠᠰᠤᠷᠠᠯᠲᠠ ᠦᠭᠡᠢ ᠬᠤᠪᠢᠷᠠᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ᠃ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ AB ᠠᠵᠢᠯ ᠤᠨ ᠪᠠᠶᠢᠷᠢ ᠶᠢᠨ ᠠᠵᠢᠯ ᠢ ᠨᠥᠬᠦᠪᠦᠷᠢᠯᠡᠬᠦ᠂ ᠴᠢᠬᠤᠯᠠ ᠶᠡᠭᠡ ᠲᠥᠷᠥᠯ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ᠂ ᠭᠤᠣᠯᠳᠠᠯᠭ᠎ᠠ ᠲᠠᠢ ᠵᠦᠢᠯᠡᠰ ᠢ ᠲᠤᠰᠬᠠᠢ ᠬᠥᠮᠥᠨ ᠢᠶᠠᠷ  ᠱᠠᠯᠠᠪᠳᠡᠭᠤᠯᠣᠨ ᠰᠢᠢᠳᠪᠦᠷᠢᠯᠡᠭᠦᠯᠬᠦ᠂ ᠡᠭᠦᠷᠭᠡᠯᠡᠨ ᠬᠢᠵᠦ ᠦᠨᠡᠯᠡᠨ ᠶᠠᠷᠢᠯᠴᠠᠬᠤ ︽ᠲᠠᠪᠤᠨ ᠵᠦᠢᠯ ᠤᠨ ᠳᠦᠷᠢᠮ︾ ᠢ ᠪᠠᠶᠢᠭᠤᠯᠪᠠ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠬᠦ ᠵᠢᠯ ᠳᠤ ᠭᠤᠷᠪᠠᠨ ᠵᠦᠢᠯ ᠤᠨ ᠠᠯᠪᠠᠨ ᠤ ᠵᠠᠷᠤᠳᠠᠯ ᠤᠨ ᠲᠥᠰᠥᠪ ᠢ 5.24% ᠪᠠᠷ ᠪᠠᠭᠠᠰᠬᠠᠪᠠ᠃ ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠬᠠᠷᠢᠭᠤᠯᠤᠭᠰᠠᠨ  ᠨᠣᠷᠮ᠎ᠠ ᠨᠢ100% ᠳᠤ ᠬᠦᠷᠪᠡ᠃      ᠲᠥᠯᠥᠭᠡᠯᠡᠭᠴᠢᠳ ᠠ᠋︕ ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠵᠦ ᠦᠵᠡᠪᠡᠯ᠂ ᠶᠡᠭᠡ ᠶᠠᠪᠤᠳᠠᠯ ᠴᠢᠬᠤᠯᠠ ᠶᠠᠪᠤᠳᠠᠯ ᠣᠯᠠᠰᠢᠷᠠᠨ᠂ ᠪᠠᠴᠢᠮ ᠶᠠᠪᠤᠳᠠᠯ ᠪᠡᠷᠬᠡ ᠶᠠᠪᠤᠳᠠᠯ ᠰᠣᠯᠪᠢᠴᠠᠵᠤ᠂ ᠬᠤᠭᠤᠴᠠᠭ᠎ᠠ ᠪᠦᠷᠢ ᠶᠢᠨ ᠲᠤᠰᠢᠶᠠᠯ ᠡᠭᠦᠷᠭᠡᠯᠡᠵᠦ ᠥᠩᠭᠡᠷᠡᠭᠰᠡᠨ ᠤᠳᠤᠷᠢᠳᠬᠤ ᠪᠠᠭ ᠤᠨ ᠪᠦᠯᠬᠦᠮᠳᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭᠠᠳ ᠪᠠᠲᠤ ᠪᠠᠬᠢ ᠰᠠᠭᠤᠷᠢ ᠳᠡᠭᠡᠷ᠎ᠡ᠂ ᠪᠢᠳᠡ ᠰᠠᠯᠬᠢ ᠰᠢᠭᠤᠷᠭᠠᠨ ᠢ ᠲᠤᠭᠤᠯᠵᠦ᠂ ᠵᠣᠷᠢᠭᠲᠠᠢ ᠪᠠᠷ ᠤᠷᠤᠭᠰᠢᠯᠠᠨ᠂ ᠪᠦᠬᠦ ᠣᠷᠣᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠤᠴᠠᠯᠲᠠ ᠦᠭᠡᠢ ᠤᠷᠤᠭᠰᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠪᠦᠬᠦ ᠬᠤᠳᠠ ᠶᠢᠨ ᠠᠷᠠᠳ ᠲᠦᠮᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠭᠦᠳᠡ ᠤᠯᠠᠨ ᠢᠶᠠᠷ ᠢᠶᠠᠨ ᠰᠡᠳᠬᠢᠯ ᠨᠢᠭᠡᠳᠣᠨ᠂ ᠬᠦᠴᠢᠷ ᠢ ᠲᠤᠭᠤᠯᠤᠨ ᠨᠡᠷᠡᠳᠦ ᠣᠷᠣᠨ ᠢ ᠴᠣᠭᠴᠠᠯᠠᠬᠤ ᠬᠠᠭᠤᠳᠠᠰᠤ ᠶᠢ ᠪᠢᠴᠢᠭᠯᠡᠵᠡᠢ︕ ᠡᠨᠡ ᠨᠢᠭᠡ ᠵᠢᠯ ᠳᠤ ᠪᠢᠳᠡ ᠮᠠᠰᠢ ᠪᠦᠷᠢᠨ ᠲᠡᠭᠦᠯᠳᠡᠷ ᠠᠮᠢᠳᠤᠷᠠᠵᠤ᠂ ᠮᠠᠰᠢ ᠡᠷᠡᠰ ᠪᠠᠲᠤ ᠶᠠᠪᠤᠵᠤ᠂ ᠮᠠᠰᠢ ᠥᠩᠭᠡ ᠭᠢᠯᠪᠠᠭ᠎ᠠ ᠲᠠᠢ ᠠᠵᠢᠯᠯᠠᠭᠰᠠᠨ ᠪᠣᠯᠬᠤᠷ ᠠᠯᠬᠤᠮ ᠪᠦᠷᠢ ᠳᠤ ᠴᠥᠮ ᠬᠢᠯᠪᠠᠷ ᠪᠤᠰᠤ᠂ ᠬᠥᠮᠥᠨ ᠨᠢᠭᠡᠪᠦᠷᠢ ᠴᠥᠮ ᠠᠮᠠᠷ ᠦᠭᠡᠢ︕ ᠡᠨᠡ ᠨᠢᠭᠡ ᠵᠢᠯ ᠳᠤ ᠪᠢᠳᠡ ᠮᠠᠰᠢ ᠲᠡᠭᠦᠯᠳᠡᠷ ᠠᠮᠢᠳᠤᠷᠠᠵᠤ᠂ ᠮᠠᠰᠢ ᠡᠷᠡᠰ ᠪᠠᠲᠤ ᠪᠠᠶᠢᠵᠣ᠂ ᠮᠠᠰᠢ ᠭᠤᠶᠢᠳᠠ ᠰᠠᠶᠢᠬᠠᠨ ᠠᠵᠢᠯᠯᠠᠭᠰᠠᠨ᠂ ᠠᠯᠬᠤᠮ ᠪᠦᠷᠢ ᠳᠤ ᠴᠥᠮ ᠠᠮᠠᠷ ᠦᠭᠡᠢ᠂ ᠬᠥᠮᠥᠨ ᠨᠢᠭᠡᠪᠦᠷᠢ ᠴᠥᠮ ᠠᠮᠠᠷ ᠦᠭᠡᠢ ᠪᠣᠯᠵᠠᠢ︕ ᠷᠠᠰᠢᠶᠠᠨ ᠤ ᠬᠥᠮᠥᠨ ᠪᠣᠯᠭᠠᠨ ᠢ ᠮᠠᠭᠲᠠᠨ ᠰᠠᠶᠢᠰᠢᠶᠠᠨ᠎ᠠ︕ ᠡ᠊ᠨᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠣᠭᠡᠯᠡᠨ ᠪᠦᠬᠦ ᠬᠤᠳᠠ ᠶᠢᠨ ᠠᠷᠠᠳ ᠲᠦᠮᠡᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠪᠣᠯᠣᠨ ᠡᠯ᠎ᠡ ᠠᠷᠠᠳ ᠤᠨ ᠪᠦᠯᠬᠦᠮ᠂ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ᠂ ᠷᠠᠰᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠠ᠋᠂ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠂ ᠪᠠᠭᠤᠷᠠᠢ ᠪᠠᠨ ᠮᠡᠳᠡᠷᠡᠪᠡᠯ ᠰᠠᠶ᠋ᠢ ᠬᠦᠴᠦᠷᠬᠡᠭᠵᠢᠬᠦ ᠪᠠᠷ ᠴᠢᠷᠮᠠᠶᠢᠵᠤ ᠴᠢᠳᠠᠨ᠎ᠠ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ ᠂ ᠪᠢᠳᠡ ᠣᠯᠣᠯᠲᠠ ᠲᠠᠢ᠂ ᠳᠠᠪᠰᠢᠯᠲᠠ ᠲᠠᠢ᠂ ᠣᠳᠣᠬᠠᠨ ᠤ ᠪᠠᠶᠢᠳᠠᠯ ᠢᠶᠠᠨ ᠬᠢᠨᠠᠨ ᠠᠵᠢᠭᠯᠠᠬᠤ ᠳᠤ ᠮᠥᠨ ᠯᠡ ᠵᠥᠷᠢᠶ᠎ᠡ ᠲᠠᠢ᠂ ᠳᠤᠲᠠᠭᠤᠳᠠᠯ ᠲᠠᠢ ᠪᠠᠶᠢᠨ᠎ᠠ᠃ ᠭᠤᠣᠯ ᠢᠯᠡᠷᠡᠯ ᠨᠢ᠄ ᠨᠢᠭᠡ ᠳᠤ ᠬᠤᠳᠠ ᠶᠢᠨ ᠬᠡᠪᠴᠢᠶᠡᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠬᠦ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠᠶᠢᠷᠢᠰᠢᠯ ᠬᠠᠷᠠᠬᠠᠨ ᠪᠦᠷᠢᠯᠳᠦᠭᠡᠳᠦᠢ᠂ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ᠂ ᠬᠥᠭᠡᠭᠡᠵᠦ ᠭᠦᠢᠴᠡᠬᠦ ᠪᠠ ᠲᠠᠪᠠᠵᠤ ᠭᠠᠷᠬᠤ ᠶᠢ ᠪᠡᠶᠡᠯᠡᠭᠦᠯᠬᠦ ᠳᠤ ᠮᠠᠰᠢ ᠶᠡᠭᠡ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠬᠤᠶᠠᠷ ᠲᠤ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢᠨ ᠴᠢᠳᠠᠪᠤᠷᠢ ᠴᠢᠩᠭ᠎ᠠ ᠪᠢᠰᠢ᠂ ᠦᠢᠯᠡᠴᠢᠯᠡᠭᠡᠨ ᠤ ᠶᠠᠰᠤ ᠴᠢᠨᠠᠷ ᠥᠨᠳᠥᠷ ᠪᠢᠰᠢ᠂ ᠵᠢᠭᠤᠯᠴᠢᠯᠠᠯ ᠳᠤ ᠬᠤᠯᠪᠣᠭᠳᠠᠬᠤ ᠲᠣᠮᠣ ᠠᠵᠤ ᠠᠬᠤᠶᠢᠯᠠᠯ᠂ ᠲᠣᠮᠣ ᠲᠥᠷᠥᠯ ᠵᠦᠢᠯ᠂ ᠳᠡᠭᠡᠳᠦ ᠲᠠᠰ ᠤᠨ ᠵᠢᠭᠤᠯᠴᠢᠯᠠᠯ ᠤᠨ ᠦᠢᠯᠡᠳᠬᠦᠨ ᠪᠠ ᠵᠢᠭᠤᠯᠴᠢᠯᠠᠯ ᠤᠨ ᠴᠢᠳᠠᠪᠤᠷᠢᠲᠠᠨ ᠤ ᠲᠤᠯᠭᠠᠭᠤᠷᠢᠯᠠᠯ ᠳᠤᠲᠠᠮᠠᠭ ᠪᠠᠶᠢᠨ᠎ᠠ᠃ ᠭᠤᠷᠪᠠ ᠳᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ ᠬᠡᠮᠵᠢᠶ᠎ᠡ ᠥᠨᠳᠥᠷ ᠪᠢᠰᠢ᠂ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠣᠯᠠᠨ ᠪᠢᠰᠢ᠂ ᠪᠣᠭᠤᠮᠲᠠ ᠶᠢᠨ ᠡᠬᠢ ᠪᠠᠶᠠᠯᠢᠭ ᠪᠠ ᠣᠷᠣᠨ ᠪᠠᠶᠢᠷᠢ ᠶᠢᠨ ᠣᠷᠴᠢᠨ ᠲᠣᠭᠤᠷᠢᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠪᠣᠯᠭᠠᠨ ᠬᠤᠪᠢᠷᠠᠭᠤᠯᠬᠤ ᠦᠷ᠎ᠡ ᠪᠦᠲᠦᠮᠵᠢ ᠬᠠᠷᠠᠬᠠᠨ ᠢᠯᠡᠷᠬᠡᠢ ᠪᠢᠰᠢ ᠪᠠᠶᠢᠨ᠎ᠠ᠃ ᠳᠥᠷᠪᠡ ᠳᠤ ᠡᠳ᠋ ᠤᠨ ᠵᠠᠰᠠᠭ ᠭᠠᠶᠢᠯᠢ ᠶᠢᠨ ᠪᠠᠭᠲᠠᠭᠠᠮᠵᠢ ᠪᠠᠭ᠎ᠠ᠂ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠭᠡ᠂ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠭᠰᠠᠭᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠮᠥᠨ ᠬᠦ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠵᠡᠷᠭᠡ ᠪᠣᠯᠣᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠤᠨ ᠡᠮᠦᠨ᠎ᠡ᠂ ᠪᠢᠳᠡ ᠭᠦᠨᠵᠡᠭᠡᠢ ᠰᠤᠳᠤᠯᠣᠨ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ︕      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ      2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠮᠠᠨ ᠤ ᠶᠡᠷᠦᠩᠬᠡᠢ ᠠᠵᠢᠯ ᠤᠨ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ︽12135︾ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠮᠵᠢ ᠶᠣᠰᠣᠭᠠᠷ᠂ ︽ᠬᠢᠩᠭᠠᠨ ᠳᠠᠪᠠᠭ᠎ᠠ ᠶᠢᠨ ᠣᠶ ᠰᠢᠭᠤᠢ ᠶᠢᠨ ᠵᠤᠰᠠᠯᠠᠩ ᠤᠨ ᠭᠡᠷ ᠣᠷᠣᠨ ᠂ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠬᠠᠯᠠᠭᠤᠨ ᠷᠠᠰᠢᠶᠠᠨ ᠤ ᠡᠷᠡᠭᠦᠯᠵᠢᠯ ᠤᠨ ᠰᠠᠭᠤᠷᠢᠨ ᠭᠠᠵᠠᠷ᠂ ᠡᠬᠡ ᠤᠯᠤᠰ ᠤᠨ ᠤᠮᠠᠷᠠᠲᠤ ᠶᠢᠨ ᠬᠤᠷᠠᠯ ᠦᠵᠡᠰᠬᠦᠯᠡᠩ ᠤᠨ ᠶᠠᠷᠢᠯᠴᠠᠭᠠᠨ ᠤ ᠲᠠᠪᠴᠠᠩ ᠤᠨ ᠬᠤᠲᠠ ᠪᠠ ᠳᠡᠯᠡᠬᠡᠢ ᠶᠢᠨ ᠲᠠᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠪ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠠᠰᠢᠶᠠᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃      2024 ᠣᠨ ᠤ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 10% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 12%   ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠠᠴᠠ ᠲᠣᠭᠲᠠᠭᠠᠭᠰᠠᠨ ᠬᠠᠷᠠᠯᠲᠠ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠲᠠᠪᠤᠨ ᠲᠠᠯ᠎ᠠ ᠶᠢᠨ ᠪᠣᠳᠠᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠲᠡᠷᠢᠭᠦᠨ ᠤ ᠬᠢ ᠶᠢ ᠲᠡᠮᠡᠴᠡᠨ ᠭᠤᠣᠯᠳᠠᠯᠭ᠎ᠠ ᠶᠢ ᠠᠳᠬᠤᠵᠤ᠂ ᠲᠡᠰ ᠳᠡᠪᠰᠢᠭᠦᠯᠬᠦ ᠶᠢ ᠠᠬᠢᠭᠤᠯᠣᠨ᠂ ᠵᠢᠭᠤᠯᠴᠢᠯᠠᠯ ᠤᠨ ᠬᠥᠭᠵᠢᠯᠲᠡ ᠶᠢᠨ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠤᠨ᠎ᠠ      ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠪᠠᠷ ᠭᠠᠷᠳᠠᠴᠠ ᠪᠣᠯᠭᠠᠵᠤ᠂ ︽ᠶᠠᠰᠤ ᠴᠢᠨᠠᠷ ᠢ ᠴᠢᠩᠭᠠᠳᠬᠠᠬᠤ︾ ︽ᠠᠮᠢᠵᠢᠷᠠᠯ ᠤᠨ ᠬᠦᠴᠦᠨ ᠢ ᠨᠡᠮᠡᠭᠳᠡᠭᠦᠯᠬᠦ︾ ︽ᠨᠡᠷ᠎ᠡ ᠠᠯᠳᠠᠷ ᠢᠶᠠᠨ ᠮᠠᠨᠳᠤᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ︽ᠰᠣᠶᠣᠯ ᠤᠨ ᠰᠡᠳᠬᠢᠬᠦᠢ᠂ ᠪᠦᠲᠦᠭᠡᠯᠴᠢ ᠰᠡᠳᠬᠢᠬᠦᠢ᠂ ᠵᠠᠬ᠎ᠠ ᠳᠡᠯᠭᠡᠭᠦᠷ ᠤᠨ ᠰᠡᠳᠬᠢᠬᠦᠢ᠂ ᠪᠥᠬᠦ ᠬᠦᠷᠢᠶᠡᠨ ᠤ ᠰᠡᠳᠬᠢᠬᠦᠢ᠂ ᠬᠠᠮ ᠰᠡᠳᠬᠢᠬᠦᠢ᠂ ᠲᠣᠭᠠᠴᠢᠯᠠᠭᠰᠠᠨ ᠰᠡᠳᠬᠢᠬᠦᠢ︾ ᠶᠢ ᠬᠡᠷᠡᠭᠯᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ ᠪᠠᠶᠠᠯᠢᠭ᠂ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠪᠣᠳᠠᠲᠠᠢ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠬᠥᠮᠥᠨ ᠤ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠶᠢᠨ ᠬᠤᠣᠰ ᠨᠡᠮᠡᠭᠳᠡᠯ ᠢ 15%   ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃      ᠵᠢᠭᠤᠯᠴᠢᠯᠠᠯ ᠤᠨ ᠨᠡᠮᠡᠭᠳᠡᠯ ᠢ ᠠᠬᠢᠭᠤᠯᠤᠨ᠎ᠠ᠃ ᠠᠮᠠᠷᠠᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ 15.17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 18 ᠠᠮᠠᠷᠠᠯᠲᠠ ᠶᠢᠨ ᠣᠷᠣᠨ ᠢ ᠳᠡᠭᠡᠭᠰᠢᠯᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠶᠢᠨ ᠵᠢᠶᠠᠩ ᠭᠧᠦ ᠬᠠᠯᠠᠭᠤᠨ ᠷᠠᠰᠢᠶᠠᠨ ᠤ ᠠᠮᠠᠷᠠᠯᠲᠠ ᠶᠢᠨ ᠣᠷᠣᠨ᠂ ᠷᠠᠰᠢᠶᠠᠨ ᠭᠤᠣᠯ ᠤᠨ ᠦᠵᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ 5 ᠲᠥᠷᠥᠯ ᠵᠦᠢᠯ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠱᠧᠩ ᠴᠢᠤᠸᠠᠨ ᠺᠠᠩ ᠰᠤᠪᠢᠯᠠᠯᠲᠠ ᠶᠢᠨ ᠲᠥᠪ᠂ ᠵᠢᠭᠤᠯᠴᠢᠯᠠᠯ ᠤᠨ ᠵᠠᠰᠠᠮᠠᠯ ᠵᠠᠮ ᠤᠨ ᠥᠪᠡᠷ ᠢᠶᠠᠨ ᠲᠡᠷᠭᠡ ᠵᠢᠯᠤᠭᠤᠳᠬᠤ ᠥᠷᠲᠡᠭᠡ ᠵᠡᠷᠭᠡ 4 ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠨᠠᠨ ᠯᠤ᠋ ᠰᠡᠯᠡᠭᠦᠴᠡᠨ ᠠᠮᠠᠷᠠᠬᠤ ᠲᠠᠯᠠᠪᠠᠶ᠂ ᠲᠠᠢ ᠸᠧᠢ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ ᠵᠡᠷᠭᠡ 9 ᠲᠥᠷᠥᠯ ᠵᠦᠢᠯ ᠢ ᠴᠠᠭ ᠤᠨ ᠳᠠᠷᠠᠭᠠᠯᠠᠯ ᠤᠨ ᠠᠬᠢᠴᠠ ᠳᠤ ᠬᠦᠷᠦᠭᠦᠯᠤᠨ᠎ᠡ᠃ ᠠᠮᠠᠷᠠᠯᠲᠠ ᠶᠢᠨ ᠣᠷᠣᠨ ᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠱᠧᠩ ᠴᠢᠤᠸᠠᠨ ᠰᠢᠤᠸᠠᠢ ᠵᠢᠢ᠂ ᠴᠤᠤ ᠬᠠᠢ ᠭᠤᠳᠤᠮᠵᠢ᠂ ᠣᠶ ᠰᠢᠭᠤᠢ ᠶᠢᠨ ᠤᠬᠢᠶᠠᠯᠭ᠎ᠠ ᠶᠢᠨ ᠵᠠᠮ ᠵᠡᠷᠭᠡ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ︽ᠱᠦᠢ ᠶᠦᠨ ᠷᠠᠰᠢᠶᠠᠨ︾ ᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠪᠡᠶᠡᠯᠡᠭᠦᠯᠦᠨ᠎ᠡ᠃ ᠬᠢᠯᠢ ᠶᠢᠨ ᠵᠢᠭᠤᠯᠴᠢᠯᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠ ᠪᠣᠭᠤᠮᠲᠠ ᠶᠢᠨ 4A ᠲᠠᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠵᠦ᠂ ︽ᠪᠣᠭᠤᠮᠲᠠ ᠶᠢᠨ ᠦᠵᠡᠮᠵᠢ ᠶᠢᠨ ᠣᠷᠣᠨ ᠤ 4A ᠲᠠᠰ ᠤᠨ ᠶᠡᠷᠦᠩᠬᠡᠢ ᠲᠥᠯᠦᠪᠵᠢᠭᠦᠯᠭᠡ︾ ᠶᠢ ᠪᠡᠶᠡᠯᠡᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠭᠦᠨᠵᠡᠭᠡᠢ ᠬᠥᠭᠵᠢᠭᠡᠨ᠂ ᠮᠧᠨ ᠱᠠᠨ ᠦᠵᠡᠮᠵᠢ ᠶᠢᠨ ᠣᠷᠣᠨ ᠤ ᠬᠡᠪ ᠤᠨ ᠨᠡᠭᠡᠭᠡᠯᠲᠡ ᠶᠢ ᠬᠦᠴᠦᠯᠡᠨ ᠠᠬᠢᠭᠤᠯᠵᠤ᠂ ᠵᠢᠭᠤᠯᠴᠢᠯᠠᠯ ᠤᠨ ᠸᠢᠰᠠ ᠶᠢ ᠬᠠᠷᠢᠯᠴᠠᠨ ᠬᠡᠯᠲᠦᠷᠢᠭᠦᠯᠬᠦ ᠶᠢ ᠪᠡᠶᠡᠯᠡᠭᠦᠯᠵᠦ᠂ ᠬᠢᠯᠢ ᠶᠢᠨ ᠠᠷᠠᠳ ᠤᠨ ᠬᠢᠯᠢ ᠠᠯᠤᠰᠯᠠᠭᠰᠠᠨ ᠨᠢᠭᠡ ᠡᠳᠦᠷ ᠤᠨ ᠵᠢᠭᠤᠯᠴᠢᠯᠠᠯ ᠢ ᠥᠷᠨᠢᠭᠦᠯᠵᠦ᠂ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠥᠮᠥᠨ ᠤ ᠲᠤᠭ᠎ᠠ ᠶᠢ ᠲᠣᠰ ᠲᠣᠰ 5% ᠪᠠ 10%   ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃  ᠪᠠᠢ ᠯᠠᠩ ᠠᠷᠡᠳ ᠤᠨ ᠵᠠᠩ ᠣᠶᠢᠯᠡ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠ ᠯᠠᠨ ᠳ᠋ᠦ᠋ ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠤ᠂ ᠬᠤᠸᠠ ᠷᠦᠨ ᠬᠦᠰᠡᠯᠡᠩᠲᠦ ᠵᠢᠵᠢᠭ ᠪᠠᠯᠭᠠᠰᠤ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ ᠪᠠᠢ ᠯᠠᠩ ᠹᠧᠩ ᠤᠨ 3A ᠲᠠᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠮᠢᠩ ᠱᠦᠢ ᠾᠧ ᠪᠠᠯᠭᠠᠰᠤ ᠶᠢ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ᠂ ᠨᠦᠬᠡᠳᠡᠢ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠭᠤᠶᠤᠴᠢᠯᠠᠨ ᠮᠡᠳᠡᠭᠦᠯᠬᠦ ᠶᠢ ᠠᠬᠢᠭᠤᠯᠤᠨ᠎ᠠ᠃      ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠠᠯᠳᠠ ︽ᠷᠠᠰᠢᠶᠠᠨ︾ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠭᠤᠯᠠᠭᠳᠠᠬᠤᠨ ᠢ ᠭᠦᠨᠵᠡᠭᠡᠢ ᠠᠭᠤᠳᠠᠯᠯᠠᠵᠤ᠂ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠤᠰ ᠤᠨ 5C ᠲᠠᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ ᠪᠠ ᠪᠠᠭᠤᠳᠠᠯᠯᠠᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠰᠡᠯᠡᠭᠦᠴᠡᠯ ᠤᠨ ᠵᠡᠭᠡᠯᠢ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠵᠡᠷᠭᠡ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢᠨ ᠴᠢᠨᠠᠷ ᠴᠢᠨᠰᠠᠭ᠎ᠠ ᠶᠢ ᠨᠠᠩ ᠲᠡᠭᠦᠯᠳᠡᠷ ᠪᠣᠯᠭᠠᠨ᠎ᠠ᠃ ︽ᠬᠠᠮᠤᠭ ᠤᠨ ᠭᠤᠶᠣ ᠵᠠᠰᠠᠮᠠᠯ ᠵᠠᠮ ᠤᠨ ᠤᠷᠠᠨ ᠵᠢᠷᠤᠭ ᠤᠨ ᠣᠷᠳᠣᠨ︾ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ S203 ᠪᠠᠷ ᠲᠡᠩᠭᠡᠯᠢᠭ ᠪᠣᠯᠭᠠᠨ᠂ ᠯᠦ ᠵᠢᠶᠣᠣ ᠸᠠᠨ ᠬᠠᠯᠠᠭᠤᠨ ᠷᠠᠰᠢᠶᠠᠨ ᠤ ᠬᠤᠸᠠᠷᠠᠨ᠂ ᠰᠢ ᠺᠧᠦ ᠲᠣᠰᠬᠤᠨ ᠤ ᠤᠷᠠᠨ ᠵᠢᠷᠤᠭ ᠤᠨ ᠬᠤᠸᠠᠷᠠᠨ ᠵᠡᠷᠭᠡ ᠣᠨᠴᠠᠯᠢᠭᠲᠤ ᠬᠡᠭᠡᠷ᠎ᠡ ᠪᠠᠭᠤᠳᠠᠯᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠵᠠᠮ ᠤᠨ ᠴᠢᠨᠠᠷ ᠴᠢᠨᠰᠠᠭ᠎ᠠ  ᠶᠢ ᠳᠡᠭᠡᠭᠰᠢᠯᠡᠭᠦᠯᠦᠨ᠂ ᠵᠠᠮ ᠳᠠᠬᠢ ᠳᠡᠷᠭᠡ ᠬᠦᠰᠭᠡ ᠶᠢᠨ ᠤᠷᠤᠰᠬᠠᠯ ᠤᠨ ᠬᠡᠮᠵᠢᠶ᠎ᠡ ᠪᠠᠷ ᠵᠢᠭᠤᠯᠴᠢᠯᠠᠯ ᠤᠨ ︽ᠤᠷᠤᠰᠬᠠᠯ ᠤᠨ ᠬᠡᠮᠵᠢᠶ᠎ᠡ︾ ᠪᠣᠯᠭᠠᠨ ᠬᠤᠪᠢᠷᠠᠭᠤᠯᠤᠨ᠎ᠠ᠃ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ᠂  ᠬᠤᠷᠴᠠ ᠣᠯᠠᠭᠠᠨ ᠴᠡᠴᠡᠭ ᠤᠨ ᠨᠠᠶᠢᠷ᠂ ᠤᠯᠠᠨ ᠤᠯᠤᠰ ᠤᠨ ᠮᠠᠷᠠᠽᠤᠨ ᠵᠡᠷᠭᠡ ᠠᠵᠢᠯᠯᠠᠭ᠎ᠠ ᠶᠢᠨ ᠤᠷᠤᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠠ᠃ ︽ᠵᠡᠭᠡᠷ᠎ᠡ ᠶᠢ ᠰᠤᠨᠢᠷᠬᠠᠬᠤ ᠵᠢᠭᠤᠯᠴᠢᠯᠠᠯ︾ ᠤᠨ ᠪᠦᠲᠦᠭᠡᠭᠳᠡᠬᠦᠨ ᠢ ᠭᠦᠨᠵᠡᠭᠡᠢ ᠨᠡᠭᠡᠭᠡᠨ ᠬᠥᠭᠵᠢᠭᠦᠯᠵᠦ᠂ ᠠᠮᠢ ᠠᠬᠤᠢ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠨᠠᠩ ᠬᠡᠷᠡᠯ ᠭᠢᠯᠪᠠᠭ᠎ᠠ ᠲᠠᠢ ᠪᠣᠯᠭᠠᠨ᠎ᠠ᠃ ᠬᠠᠷᠪᠢᠨ ᠬᠢᠷᠢᠨ ᠯᠢᠶᠣᠣᠨᠢᠩ᠂ ᠬᠥᠬᠡᠬᠤᠲᠠ ᠪᠤᠭᠤᠲᠤ ᠤᠷᠳᠣᠰ᠂ ᠤᠯᠠᠭᠠᠨᠬᠤᠳᠠ ᠬᠠᠶᠢᠯᠠᠷ ᠮᠠᠨᠵᠤᠤᠷ ᠵᠡᠷᠭᠡ ᠭᠠᠵᠠᠷ ᠢᠶᠠᠷ ᠬᠦᠷᠴᠦ ᠪᠠᠶᠢᠩᠭᠤ ᠶᠢᠨ ᠡᠵᠡᠩᠨᠡᠯᠲᠡ ᠪᠣᠷᠤᠯᠠᠭᠤᠯᠭ᠎ᠠ ᠥᠷᠨᠢᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠳ᠋ᠠ ᠸᠠᠨ ᠲᠣᠭᠤᠷᠢᠭ ᠵᠡᠷᠭᠡ ᠭᠠᠵᠠᠷ ᠲᠤ ᠬᠦᠷᠴᠦ ᠤᠨᠢᠨ ᠳᠡᠭᠡᠷ᠎ᠡ ᠨᠢ ᠡᠵᠡᠩᠨᠡᠯᠲᠡ ᠪᠣᠷᠤᠯᠠᠭᠤᠯᠭ᠎ᠠ ᠥᠷᠨᠢᠭᠦᠯᠵᠦ᠂ ︽ᠦᠪᠣᠷ ᠮᠣᠩᠭᠤᠯ ᠤᠨ ᠬᠥᠮᠥᠨ ᠬᠢᠩᠭᠠᠨ ᠢᠶᠠᠷ ᠵᠤᠭᠠᠴᠠᠬᠤ︾᠂ ︽ᠬᠢᠩᠭᠠᠨᠴᠤᠳ ᠬᠢᠩᠭᠠᠨ ᠢᠶᠠᠷ ᠢᠶᠠᠨ ᠵᠤᠭᠠᠴᠠᠬᠤ︾ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠷᠡᠰᠢᠶᠠᠨ︾ ᠤ ᠵᠢᠭᠤᠯᠴᠢᠯᠠᠯ ᠤᠨ ᠲᠦᠷᠦᠯ ᠲᠡᠮᠳᠡᠭ ᠢ ᠨᠡᠩ ᠥᠨᠳᠥᠷ ᠳᠠᠭᠤᠷᠢᠰᠤᠭᠤᠯᠵᠤ ᠨᠡᠩ ᠥᠷᠭᠡᠨ ᠤᠯᠠᠮᠵᠢᠯᠠᠨ᠎ᠠ᠃      ᠵᠢᠭᠤᠯᠴᠢᠯᠠᠯ ᠤᠨ ᠦᠢᠯᠡᠴᠢᠯᠡᠭᠡᠨ ᠤ ᠳᠦᠷᠢ ᠲᠥᠷᠬᠦ ᠶᠢ ᠪᠤᠢ ᠪᠤᠯᠭᠠᠨ᠎ᠠ᠃ ᠣᠶᠤᠨᠲᠤ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ︽ᠨᠢᠭᠡ ᠮᠠᠰᠢᠨ ᠢᠶᠠᠷ ᠵᠢᠭᠤᠯᠴᠢᠯᠠᠬᠤ︾ ᠶᠢᠨ ᠵᠢᠵᠢᠭ ᠫᠷᠣᠭ᠍ᠷᠠᠮ ᠤᠨ ᠴᠢᠳᠠᠮᠵᠢ ᠶᠢ ᠭᠦᠨᠵᠡᠭᠡᠢ ᠨᠡᠭᠡᠭᠡᠨ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠬᠥᠮᠥᠵᠢᠭᠦᠯᠬᠦ ᠨᠥᠭᠡᠴᠡ ᠶᠢ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠷᠠᠰᠢᠶᠠᠨ ᠢᠶᠠᠷ ᠵᠤᠭᠠᠴᠠᠨ ᠲᠣᠭᠤᠷᠢᠬᠤ︾ ᠶᠡᠷᠦᠩᠬᠡᠶᠢᠯᠡᠭᠰᠡᠨ ᠳᠠᠭᠠᠳᠬᠠᠯ ᠢ ᠲᠡᠭᠦᠯᠳᠡᠷᠵᠢᠭᠦᠯᠵᠦ᠂ ︽ᠲᠠᠪᠤᠨ ᠨᠠᠷᠠᠰᠤ ︾ ᠶᠢᠨ ᠠᠵᠢᠯ ᠲᠥᠷᠥᠯ ᠤᠨ ᠪᠠᠷᠢᠮᠵᠢᠶ᠎ᠠ ᠶᠢ ᠳᠡᠯᠭᠡᠷᠡᠭᠦᠯᠦᠨ᠂ ︽ ᠯᠣ᠋ ᠰᠢᠶᠣᠣ ᠶᠧᠦ︾ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠬᠤᠶᠠᠷ ᠢ ᠪᠠᠲᠤᠯᠠᠬᠤ︾ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠣᠯᠠᠨ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ ᠥᠷᠨᠢᠭᠦᠯᠵᠦ᠂ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠷ ᠡᠵᠡᠩᠨᠡᠬᠦ ᠪᠠ ᠬᠠᠯᠠᠭᠤᠨ ᠳᠣᠲᠣᠨᠣ ᠦᠢᠯᠡᠴᠢᠯᠡᠭᠡᠨ ᠤ ᠠᠵᠢᠯ ᠢ ᠶᠠᠪᠤᠭᠳᠠᠭᠤᠯᠤᠨ᠎ᠠ᠃      ︵ᠬᠤᠶᠠᠷ︶ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ ᠰᠠᠬᠢᠵᠤ᠂ ᠰᠠᠭᠤᠷᠢ ᠥᠩᠭᠡ ᠪᠠᠨ ᠭᠡᠷᠡᠯᠳᠦᠬᠦᠯᠣᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠨ᠎ᠠ      ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ︽ᠠᠮᠢ ᠠᠬᠤᠢ ᠶᠢ ᠲᠣᠭᠲᠠᠪᠤᠷᠢᠵᠢᠭᠤᠯᠬᠤ︾᠂ ︽ᠪᠣᠬᠢᠷᠲᠤᠯ ᠢ ᠰᠡᠷᠭᠡᠶᠢᠯᠡᠬᠦ︾᠂ ︽ᠭᠦᠨ ᠠᠭᠤᠯᠬᠤᠨ ᠢ ᠨᠡᠮᠡᠭᠳᠡᠭᠦᠯᠬᠦ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠣᠬᠢᠷᠲᠤᠯ ᠦᠭᠡᠢ ᠪᠠᠭᠲᠠᠭᠠᠮᠵᠢ ᠶᠢᠨ ᠳᠠᠪᠠᠭᠤᠯᠢᠭ ᠢ ᠪᠠᠳᠠᠷᠠᠭᠤᠯᠵᠤ᠂ ︽ᠬᠦᠬᠡ ᠠᠭᠤᠯᠠ ᠬᠦᠬᠡᠮᠳᠦᠭ ᠤᠰᠤ︾ ᠶᠢ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠬᠠᠭᠤᠳᠠᠰᠤ ᠶᠢ ᠨᠡᠭᠡᠭᠡᠵᠦ ᠥᠭᠭᠦᠨ᠎ᠡ᠃      ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠨᠣᠳᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠣᠳᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠂ ︽ᠭᠤᠷᠪᠠᠨ ᠱᠤᠭᠤᠮ ᠨᠢᠭᠡ ᠲᠠᠩᠰᠠ︾ ᠶᠢ ᠬᠢᠨᠠᠮᠠᠭᠠᠢ ᠬᠡᠷᠡᠭᠵᠢᠭᠦᠯᠵᠦ᠂ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠳᠠᠩᠰᠠᠯᠠᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠳᠠᠪᠠᠭᠤᠯᠢᠭ ᠢ ᠦᠷᠭᠦᠯᠵᠢᠯᠡᠨ ᠪᠠᠬᠢᠵᠢᠭᠦᠯᠦᠨ᠎ᠡ᠃ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠣᠨ ᠤ ᠡᠭᠦᠷᠭᠡ ᠶᠢ ᠴᠢᠩᠭ᠎ᠠ ᠠᠩᠬᠠᠷᠴᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ 37.74 ᠲᠦᠮᠡᠨ ᠮᠣ᠋ ᠪᠡᠶᠡᠯᠡᠭᠦᠯᠣᠨ᠎ᠠ᠃ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠭᠠᠯ ᠰᠡᠷᠭᠡᠶᠢᠯᠡᠯᠲᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭ᠎ᠠ ᠨᠢᠭᠡᠴᠢ ᠯᠦᠭᠡ ᠨᠢᠭᠲᠠ ᠬᠠᠮᠲᠤᠷᠠᠯᠴᠠᠨ᠂ ᠣᠶ ᠶᠢᠨ ᠬᠥᠪᠡᠭᠡᠨ ᠤ ᠲᠣᠰᠬᠤᠨ᠂ ᠣᠶ ᠶᠢᠨ ᠬᠥᠪᠡᠭᠡᠨ ᠤ ᠡᠷᠦᠬᠡ᠂ ᠣᠶ ᠶᠢᠨ ᠳᠤᠮᠳᠠᠬᠢ ᠬᠥᠮᠥᠨ ᠢ ᠰᠠᠶᠢᠲᠤᠷ ᠬᠠᠮᠢᠶᠠᠷᠴᠤ᠂ ᠬᠦᠨᠳᠦ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠤᠨ ᠭᠠᠮᠰᠢᠭ ᠥᠯᠥ ᠡᠭᠦᠰᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠲᠦᠯᠬᠢᠨ ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ 13.33 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ ᠠᠭᠤᠷᠬᠠᠢ ᠮᠠᠯᠳᠠᠭᠰᠠᠨ ᠨᠦᠬᠡ᠂ ᠮᠠᠲ᠋ᠧᠷᠢᠶᠠᠯ ᠠᠪᠤᠭᠰᠠᠨ ᠲᠠᠯᠠᠪᠠᠢ ᠪᠠ ᠬᠤᠵᠢᠭᠢᠷ ᠠᠭᠤᠯᠠ ᠶᠢ ᠰᠡᠯᠪᠢᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠳᠤ ᠨᠢᠭᠡᠳᠦᠯᠲᠡᠢ ᠲᠥᠯᠥᠪᠯᠡᠨ ᠢᠯᠠᠯᠲᠠ ᠣᠯᠵᠤ᠂ ︽ᠬᠥᠬᠡ ᠲᠡᠭᠷᠢ︾ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠠᠳᠠᠷᠠᠭᠤᠯᠤᠨ ᠰᠢᠲᠠᠭᠠᠬᠤ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠢ ᠶᠤᠸᠠᠨ ᠢᠯᠴᠢ ᠶᠢᠨ ᠬᠦᠴᠦᠨ᠂ ᠰᠢᠤᠸᠠᠢ ᠶᠤᠸᠠᠨ ᠢᠯᠴᠢ ᠶᠢᠨ ᠬᠦᠴᠦᠨ ᠤ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 98% ᠠᠴᠠ ᠳᠡᠭᠡᠭᠰᠢᠬᠢ ᠶᠢ ᠪᠠᠲᠤᠯᠠᠨ᠎ᠠ᠃ ︽ᠤᠰᠤ ᠶᠢ ᠴᠡᠪᠡᠷᠯᠡᠬᠦ︾ ᠠᠵᠢᠯᠯᠠᠭ᠎ᠠ ᠶᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠪᠤᠬᠢᠷᠳᠤᠯ ᠢ ᠴᠡᠪᠡᠷᠯᠡᠬᠦ︾ ᠠᠵᠢᠯ ᠢ ᠥᠷᠨᠢᠭᠦᠯᠦᠨ᠂ ᠬᠠᠯᠬ᠎ᠠ ᠭᠤᠣᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠬᠡᠰᠡᠭ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ ᠪᠠᠲᠤᠯᠠᠵᠤ᠂ ᠰᠢᠢᠳᠪᠦᠷᠢᠯᠡᠭᠰᠡᠨ ᠨᠣᠷᠮ᠎ᠠ ᠶᠢ ᠴᠥᠮ 98% ᠠᠴᠠ ᠳᠡᠭᠡᠭᠰᠢ ᠳᠤ ᠬᠦᠷᠦᠭᠦᠯᠦᠨ᠎ᠡ᠃ ︽ᠬᠥᠷᠥᠰᠥ ᠰᠢᠷᠣᠢ ᠶᠢ ᠴᠡᠪᠡᠷᠰᠢᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠬᠥᠷᠥᠰᠥ ᠰᠢᠷᠣᠢ ᠶᠢᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠪᠠᠶᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠬᠠᠷ᠎ᠠ ᠬᠥᠷᠥᠰᠥᠲᠦ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ︽ᠨᠣᠭᠤᠭᠠᠨ ᠪᠠᠮᠪᠠᠢ︾ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠣᠷᠴᠢᠨ ᠲᠣᠭᠤᠷᠢᠨ ᠢ ᠪᠣᠬᠢᠷᠲᠤᠭᠤᠯᠬᠤ᠂ ᠣᠶ ᠰᠢᠭᠤᠢ ᠶᠢᠨ ᠡᠬᠢ ᠪᠠᠶᠠᠯᠢᠭ ᠢ ᠡᠪᠳᠡᠬᠦ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠳᠡᠭᠤᠯᠣᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠪᠣᠬᠢᠷᠲᠤᠯ ᠦᠭᠡᠢ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ᠃ ︽ᠬᠦᠬᠡ ᠠᠭᠤᠯᠠ ᠬᠦᠬᠡᠮᠳᠦᠭ ᠤᠰᠤ︾ ᠶᠢᠨ ᠦᠢᠯᠡᠳᠦᠯᠭᠡ ᠶᠢᠨ ᠰᠦᠪᠡᠭᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠣᠶ ᠰᠢᠭᠤᠢ  ᠨᠣᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ ᠣᠶ ᠰᠢᠭᠤᠢ ᠨᠣᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ CCER ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ ᠵᠦᠢᠯ ᠤᠨ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶ᠎ᠠ ᠳᠤ ᠰᠢᠪᠲᠤᠯᠤᠯᠲᠠ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠵᠦ᠂ ᠤᠯᠤᠰ ᠤᠨ ᠨᠥᠭᠡᠴᠡ ᠣᠶ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠲᠠᠬᠢᠨ ᠬᠢᠨᠠᠬᠤ ᠠᠵᠢᠯ ᠢ ᠰᠠᠶᠢᠲᠤᠷ ᠬᠢᠨ᠎ᠡ ︵ᠦᠨᠡᠯᠡᠨ ᠵᠢᠱᠢᠬᠦ︶᠃ 1 ᠠᠴᠠ ᠳᠡᠭᠡᠭᠰᠢᠬᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠷᠠᠰᠢᠶᠠᠨ ᠤ ᠨᠡᠭᠦᠷᠡᠰᠦᠲᠥ᠋ᠷᠥᠭᠴᠢ ᠦᠭᠡᠢ ᠵᠢᠵᠢᠭ ᠪᠠᠯᠭᠠᠰᠤ᠂ ᠪᠠᠢ ᠯᠠᠩ ᠪᠠᠯᠭᠠᠰᠤ ᠶᠢᠨ ᠨᠡᠭᠦᠷᠡᠰᠦᠲᠥ᠋ᠷᠥᠭᠴᠢ ᠦᠭᠡᠢ ᠣᠶ ᠰᠢᠭᠤᠢ ᠶᠢᠨ ᠵᠠᠩ ᠦᠢᠯᠡ  ᠶᠢᠨ ᠵᠢᠵᠢᠭ ᠪᠠᠯᠭᠠᠰᠤ ᠶᠢ ᠭᠤᠣᠯᠳᠠᠯᠭ᠎ᠠ ᠲᠠᠢ ᠪᠠᠶᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ ᠂ ᠪᠣᠬᠢᠷᠲᠤᠯ ᠦᠭᠡᠢ ᠪᠠᠯᠭᠠᠰᠤ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠤᠷᠢᠳᠠᠪᠠᠷ ᠵᠢᠱᠢᠶ᠎ᠡ ᠦᠵᠡᠭᠦᠯᠬᠦ ᠣᠷᠣᠨ ︵ᠬᠤᠰᠢᠭᠤ ᠰᠢᠶᠠᠨ ᠬᠤᠲᠠ ᠶᠢᠨ ᠲᠠᠰ︶ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃      ︵ᠭᠤᠷᠪᠠ︶ ᠶᠠᠰᠤ ᠴᠢᠨᠠᠷ ᠢ ᠳᠡᠭᠡᠭᠰᠢᠯᠡᠭᠦᠯᠬᠦ᠂ ᠬᠥᠭᠵᠢᠭᠦᠯᠦᠨ ᠮᠠᠨᠳᠤᠭᠤᠯᠬᠤ ᠶᠢ ᠰᠦᠪᠡᠭᠴᠢᠯᠡᠬᠦ ᠪᠠᠷ ᠦᠷᠭᠦᠯᠵᠢᠯᠡᠨ ᠬᠦᠴᠦᠯᠡᠵᠦ᠂ ᠬᠤᠳᠠ ᠪᠠᠯᠭᠠᠰᠤᠨ ᠤ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ      ᠬᠤᠲᠠ ᠪᠠᠯᠭᠠᠰᠤ ᠨᠢᠭᠡ ᠬᠥᠯᠭᠡ ᠰᠢᠲᠠᠷ᠎ᠠ ᠮᠡᠲᠦ ᠪᠠᠶᠢᠬᠤ ᠣᠶᠢᠯᠠᠭᠠᠭᠳᠠᠬᠤᠨ ᠢ ᠪᠣᠶ ᠪᠣᠯᠭᠠᠵᠤ᠂ ︽ᠳᠤᠲᠠᠭᠤᠳᠠᠯ ᠢ ᠨᠥᠬᠦᠪᠦᠷᠢᠯᠡᠬᠦ︾᠂ ︽ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾᠂ ︽ᠵᠠᠮ ᠬᠠᠷᠢᠯᠴᠠᠭ᠎ᠠ ᠶᠢ ᠥᠷᠭᠡᠳᠬᠡᠬᠦ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠷᠡᠰᠢᠶᠠᠨ ᠢᠷᠪᠢᠰ ᠭᠠᠵᠠᠷ ᠣᠷᠣᠨ ᠢ ᠲᠡᠩᠴᠡᠭᠦᠷᠢᠲᠡᠢ ᠬᠥᠭᠵᠢᠭᠦᠯᠬᠦ ᠶᠢ ᠪᠠᠷᠢᠮᠲᠠᠯᠠᠵᠤ᠂ ᠢᠷᠪᠢᠰ ᠵᠡᠷᠭᠡ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠳᠥᠷᠪᠡᠨ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠤᠨ᠂ ᠳᠣᠲᠣᠷ᠎ᠠ ᠪᠠᠨ ᠬᠤᠯᠪᠣᠭᠠᠯᠠᠵᠤ ᠭᠠᠳᠠᠨ᠎ᠠ ᠪᠠᠨ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠤᠲᠠ ᠶᠢᠨ ᠲᠣᠭᠤᠷᠢᠭ ᠬᠢᠭᠡᠳ ᠦᠵᠡᠰᠬᠦᠯᠡᠩᠳᠣ ᠰᠠᠶᠢᠬᠠᠨ ᠪᠠᠯᠭᠠᠰᠤ ᠲᠣᠰᠬᠤᠨ ᠤ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠪᠠᠶᠢᠭᠤᠯᠵᠤ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃      ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢ ᠲᠦᠷᠭᠡᠳᠬᠡᠨ᠂ 4.32 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠵᠠᠰᠠᠵᠤ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ 37.2 ᠺᠢᠯᠣᠮᠧᠲᠷ ᠳᠤᠯᠠᠭᠠᠯᠠᠭ᠎ᠠ᠂ ᠤᠰᠤ ᠬᠠᠩᠭᠠᠬᠤ᠂ ᠤᠰᠤ ᠵᠠᠯᠠᠬᠤ ᠵᠡᠷᠭᠡ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠢᠷᠪᠢᠰ ᠭᠠᠵᠠᠷ ᠣᠷᠣᠨ ᠤ ᠰᠠᠭᠤᠷᠢ ᠲᠦᠬᠦᠭᠡᠷᠣᠮᠵᠢ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠵᠡᠷᠭᠡ 4 ᠲᠥᠷᠥᠯ ᠵᠦᠢᠯ ᠢ ᠪᠡᠶᠡᠯᠡᠭᠦᠯᠦᠨ᠎ᠡ᠃ ︽ᠳᠤᠯᠠᠭᠠᠯᠠᠬᠤ ᠢᠨᠵᠧᠨᠧᠷᠢᠩ︾ ᠢ ᠰᠠᠶᠢᠲᠤᠷ ᠠᠳᠬᠤᠵᠤ᠂ ᠯᠢᠩ ᠨᠠᠨ ᠭᠤᠷᠪᠠᠨ ᠪᠠᠯᠭᠠᠰᠤ ᠶᠢᠨ ᠳᠤᠯᠠᠭᠠᠯᠭ᠎ᠠ ᠶᠢᠨ ᠥᠭᠡᠷᠡᠴᠢᠯᠡᠯᠲᠡ᠂ ᠲᠥᠪᠯᠡᠷᠡᠭᠦᠯᠦᠨ ᠳᠤᠯᠠᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠡᠷᠭᠡ 5 ᠲᠥᠷᠥᠯ ᠵᠦᠢᠯ ᠢ ᠬᠡᠷᠡᠭᠵᠢᠭᠦᠯᠦᠨ᠎ᠡ᠃ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠬᠢᠯᠢ ᠶᠢᠨ ᠵᠠᠭᠠᠭ ᠤᠨ ᠳᠣᠲᠣᠭᠠᠳᠤ ᠡᠵᠡᠮᠳᠡᠯ ᠤᠨ ᠲᠣᠭᠲᠠᠭᠠᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠣᠨ᠂ ᠬᠤᠳᠠ ᠪᠠᠯᠭᠠᠰᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠳᠠᠷᠠᠭᠠᠯᠠᠭᠰᠠᠨ ᠴᠠᠭ ᠤᠨ ᠠᠬᠢᠴᠠ ᠳᠤ ᠬᠤᠲᠠ ᠶᠢᠨ ᠭᠤᠶᠣᠵᠢᠭᠤᠯᠬᠤ ᠠᠵᠢᠯ ᠢ ᠰᠠᠶᠢᠲᠤᠷ ᠬᠢᠵᠦ᠂ ᠸᠧᠨᠴᠢᠣᠸᠠᠨ ᠵᠡᠭᠡᠯᠢ ᠶᠢᠨ ︽ᠴᠡᠴᠡᠭᠲᠦ ᠵᠢᠵᠢᠭ ᠬᠤᠲᠠ︾ ᠶᠢᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠢᠷᠪᠢᠰ ᠬᠤᠲᠠ ᠶᠢᠨ ᠴᠢᠬᠢ ᠮᠣᠳᠣᠨ ᠤ ᠬᠦᠷᠢᠶᠡᠯᠡᠩ ᠢ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 120 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠨ᠂ ︽ᠲᠤᠯᠤᠭ᠎ᠠ ᠶᠢ ᠲᠣᠳᠣᠷᠬᠠᠶᠢᠯᠠᠬᠤ᠂ ᠭᠤᠷᠪᠠ ᠶᠢ ᠥᠭᠡᠷᠡᠴᠢᠯᠡᠬᠦ᠂ ᠭᠤᠷᠪᠠᠨ ᠣᠳᠣᠬᠢᠴᠢᠯᠠᠯᠲᠠ︾ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠳᠡᠷᠭᠡ ᠵᠣᠭᠰᠣᠭᠠᠵᠤ ᠳᠤᠷ᠎ᠠ ᠪᠠᠷ ᠢᠶᠠᠨ ᠪᠠᠷᠠᠭ᠎ᠠ ᠳᠡᠯᠭᠡᠬᠦ ᠵᠡᠷᠭᠡ ᠬᠤᠳᠠ ᠶᠢᠨ ᠡᠷᠦᠢ ᠬᠤᠷᠤᠢ ᠦᠭᠡᠢ ᠦᠵᠡᠭᠳᠡᠯ ᠢ ᠬᠤᠷᠢᠭᠯᠠᠨ ᠵᠣᠭᠰᠣᠭᠠᠨ᠎ᠠ᠃ ︽ᠭᠤᠷᠪᠠᠨ ᠬᠦᠴᠦᠨ ᠢᠶᠠᠷ ᠬᠠᠮᠲᠤᠪᠠᠷ ᠬᠠᠮᠢᠶᠠᠷᠬᠤ︾ ᠠᠳᠠᠯ ᠠᠬᠤᠢ ᠶᠢᠨ ᠬᠠᠮᠢᠶᠠᠷᠤᠯᠲᠠ ᠶᠢᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠷᠬᠠᠭ ᠭᠡᠮ ᠢ ᠠᠷᠢᠯᠭᠠᠬᠤ ᠶᠢ ᠠᠬᠢᠭᠤᠯᠤᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ︽ᠮᠢᠩᠭᠠᠨ ᠲᠦᠮᠡ ᠶᠢᠨ ᠢᠨᠵᠧᠨᠧᠷᠢᠩ︾  ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾  ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ  ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠠᠯᠭᠠᠰᠤ ᠲᠣᠰᠬᠤᠨ ᠤ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠵᠦ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠮᠢᠩ ᠱᠦᠢ ᠾᠧ ᠪᠠᠯᠭᠠᠰᠤᠨ ᠤ ᠠᠩᠭᠧᠰ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠢᠶᠠᠨ ᡂᠢ ᠪᠠᠯᠭᠠᠰᠤᠨ ᠤ ᠳ᠋ᠧᠦᠹᠦ᠋ ᠢᠳᠡᠭᠡᠨ ᠡᠳ᠋ᠰᠢᠭᠦᠯᠬᠦ ᠵᠡᠷᠭᠡ 3 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠪᠤᠵᠠᠭᠠᠶᠢᠷᠠᠭᠤᠯᠵᠤ᠂ 4.5 ᠲᠦᠮᠡᠨ ᠮᠦ ᠵᠢᠩᠬᠢᠨᠢ ᠡᠮ ᠤᠨ ᠮᠠᠲ᠋ᠧᠷᠢᠶᠠᠯ ᠢ ᠳᠠᠷᠢᠵᠤ᠂ ᠲᠣᠮᠣ ᠵᠢᠮᠢᠰ ᠤᠨ ᠴᠢᠴᠠᠷᠭᠠᠨ᠎ᠠ᠂ ᠱᠣ᠋ ᠪᠤᠭᠤ ᠵᠡᠷᠭᠡ ᠨᠤᠲᠤᠭ ᠤᠨ ᠣᠨᠴᠠ ᠭᠠᠷᠤᠯᠲᠠ ᠶᠢᠨ ᠦᠨ᠎ᠡ ᠥᠷᠲᠡᠭ ᠢ ᠭᠦᠨᠵᠡᠭᠡᠢ ᠨᠡᠭᠡᠭᠡᠨ ᠬᠥᠭᠵᠢᠭᠦᠯᠵᠦ᠂ ᠣᠨᠴᠠᠯᠢᠭᠲᠤ 2 ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠣᠰᠬᠤᠨ ᠢ ᠪᠣᠶᠢᠵᠢᠭᠤᠯᠬᠤ ᠪᠠᠷ ᠴᠢᠷᠮᠠᠶᠢᠨ᠎ᠠ᠃ ︽ᠥᠪᠡᠷ ᠥᠪᠡᠷ ᠤᠨ ᠣᠨᠴᠠᠯᠢᠭ ᠲᠠᠢ᠂ ᠥᠪᠡᠷᠮᠢᠴᠡ ᠲᠠᠲᠠᠬᠤ ᠬᠦᠴᠦᠨ ᠲᠠᠢ᠂ ᠪᠠᠶᠢᠷᠢ ᠰᠣᠯᠢᠨ ᠬᠥᠭᠵᠢᠬᠦ᠂ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠰᠢᠭᠲᠠᠢ ᠪᠠᠶᠢᠬᠤ︾ ᠬᠥᠭᠵᠢᠭᠦᠯᠦᠨ ᠮᠠᠨᠳᠤᠭᠤᠯᠬᠤ ᠰᠡᠳᠬᠢᠴᠡ ᠶᠣᠰᠣᠭᠠᠷ᠂ ᠲᠤᠭᠤᠷ ᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ︵ᠣᠶ ᠰᠢᠭᠤᠢ︶ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠠᠵᠤ ᠦᠢᠯᠡᠰ ᠤᠨ ᠪᠦᠰᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠢᠩ ᠱᠦᠢ ᠾᠧ ᠪᠠᠯᠭᠠᠰᠤ ᠠᠴᠠ ᠪᠠᠢ ᠯᠠᠩ ᠪᠠᠯᠭᠠᠰᠤ ᠬᠦᠷᠬᠦ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ᠂ ᠮᠢᠩ ᠱᠦᠢ ᠾᠧ ᠪᠠᠯᠭᠠᠰᠤ ᠳᠤ ︽ᠰᠠᠶᠢᠬᠠᠨ ᠨᠠᠭᠠᠳᠴᠤ︾᠂ ᠦ᠋ ᠴᠠ ᠭᠧᠦ ᠪᠠᠯᠭᠠᠰᠤ ᠳᠤ ︽ᠠᠮᠲᠠᠲᠠᠢ ᠬᠤᠭᠤᠯᠠᠯᠠᠵᠤ︾᠂ ᠪᠠᠢ ᠯᠠᠩ ᠪᠠᠯᠭᠠᠰᠤ ᠳᠤ ︽ᠲᠠᠭᠠᠯᠠᠮᠵᠢᠳᠡᠢ ᠰᠠᠭᠤᠭᠰᠠᠨ︾ ᠬᠥᠳᠡᠭᠡ ᠲᠣᠰᠬᠤᠨ ᠤ ᠵᠢᠭᠤᠯᠴᠢᠯᠠᠯ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠᠶᠢᠷᠢᠰᠢᠯ ᠢ ᠪᠣᠶ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠦᠢᠲᠡᠨ ᠤᠰᠤᠨ ᠤ ᠵᠢᠭᠠᠰᠤ᠂ ᠢᠳᠡᠭᠡᠨ ᠤ ᠮᠥᠭᠦ ᠶᠢᠨ ᠭᠠᠷᠤᠯᠲᠠ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠵᠢᠶᠠᠩᠨᠠᠨ ᠶᠡᠭᠡ ᠰᠤᠷᠭᠠᠭᠤᠯᠢ ᠶᠢᠨ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ ᠤ ᠰᠤᠳᠤᠯᠤᠨ ᠨᠡᠭᠡᠭᠡᠬᠦ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠶᠡᠭᠡ ᠲᠥᠷᠥᠯ ᠵᠦᠢᠯ ᠳᠤ ᠣᠷᠣᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠣᠶ ᠪᠣᠯᠭᠠᠨ᠎ᠠ᠃      ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠦᠷᠭᠡᠪᠴᠢᠯᠡᠨ ᠨᠢᠭᠲᠠ ᠰᠦᠯᠵᠢᠨ᠎ᠡ᠃ 2.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠢᠩᠭᠠᠨ ᠣᠶ ᠰᠢᠭᠤᠢ ᠶᠢᠨ ᠲᠠᠯᠠᠪᠠᠶ ᠠᠴᠠ ᠲᠠᠢ ᠫᠢᠩ ᠯᠢᠩ ᠬᠦᠷᠬᠦ᠂ ᠲᠧᠦ ᠳ᠋ᠣᠣ ᠭᠧᠦ ᠠᠴᠠ ᠶᠢᠨ ᠵᠢᠶᠠᠩ ᠭᠧᠦ ᠬᠦᠷᠬᠦ ᠵᠡᠷᠭᠡ 7 ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠳᠡᠳ᠋ ᠭᠤᠣᠯ ᠵᠠᠮ ᠤᠨ ᠥᠭᠡᠷᠡᠴᠢᠯᠡᠯᠲᠡ ᠶᠢ 9.45 ᠺᠢᠯᠣᠮᠧᠲᠷ ᠪᠡᠶᠡᠯᠡᠭᠦᠯᠦᠨ᠎ᠡ᠃ ᠤᠯᠤᠰ ᠤᠨ ᠲᠡᠰ ᠤᠨ ︽ᠲᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾  ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠭᠤᠶᠤᠴᠢᠯᠠᠬᠤ ᠠᠵᠢᠯ ᠢ ᠡᠬᠢᠯᠡᠭᠦᠯᠦᠨ᠎ᠡ᠃ G331 ᠷᠠᠰᠢᠶᠠᠨ  ᠠᠴᠠ ᠲᠣᠯᠠᠷ ᠬᠦᠷᠬᠦ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠠᠪᠰᠤᠷᠤᠨ ᠠᠬᠢᠭᠤᠯᠵᠤ᠂ ᠬᠢᠯᠢ ᠠᠯᠤᠰᠯᠠᠭᠰᠠᠨ ᠭᠤᠣᠯ ᠤᠨ ᠶᠡᠭᠡ ᠬᠥᠭᠦᠷᠭᠡ᠂ ᠬᠢᠯᠢ ᠶᠢᠨ ᠪᠣᠭᠤᠮᠲᠠ ᠠᠴᠠ ᠬᠠᠯᠬ᠎ᠠ ᠭᠤᠣᠯ ᠰᠤᠮᠤ ᠬᠦᠷᠬᠦ 85 ᠺᠢᠯᠣᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠢ ᠤᠯᠤᠰ ᠠᠴᠠ ᠮᠣᠩᠭᠤᠯ ᠢ ᠲᠤᠰᠠᠯᠠᠬᠤ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ᠠᠭᠠᠷ ᠤᠨ ᠠᠶᠠᠯᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠵᠥᠪᠰᠢᠶᠡᠷᠡᠭᠦᠯᠬᠦ ᠪᠠᠷ ᠴᠢᠷᠮᠠᠶᠢᠨ᠎ᠠ︔ ᠰᠢᠨ᠎ᠡ ᠪᠠᠷ ᠨᠡᠪᠲᠡᠷᠡᠭᠦᠯᠦᠭᠰᠡᠨ ᠣᠷᠣᠨ ᠤ ᠳᠣᠲᠣᠷᠠᠬᠢ ︽ᡁᠢ ᡁᠢ ᠲᠥᠩ︾ ᠵᠢᠴᠢ ᠭᠤᠸᠠᠩᠵᠧᠦ᠂ ᠬᠠᠩᠵᠧᠦ᠂ ᠰᠢ ᠠᠨ ᠵᠡᠷᠭᠡ ᠶᠢᠨ ᠠᠭᠠᠷ ᠤᠨ ᠠᠶᠠᠯᠠᠯ ᠤᠨ ᠱᠤᠭᠤᠮ ᠢ 14 ᠵᠤᠷᠪᠤᠰ ᠰᠢᠨ᠎ᠡ ᠪᠠᠷ ᠨᠠᠪᠲᠠᠷᠡᠭᠦᠯᠵᠦ᠂ ᠤᠯᠠᠨ ᠤᠯᠤᠰ ᠤᠨ ᠠᠭᠠᠷ ᠤᠨ ᠠᠶᠠᠯᠠᠯ ᠤᠨ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ ᠲᠤᠬᠠᠶᠢᠯᠠᠭᠰᠠᠨ ᠠᠵᠢᠯ ᠢ ᠢᠳᠡᠪᠬᠢᠲᠡᠢ ᠪᠠᠷ ᠨᠡᠭᠡᠭᠡᠵᠦ᠂ ᠪᠦᠬᠦ ᠵᠢᠯ ᠤᠨ ᠠᠶᠠᠨᠴᠢᠳ ᠢ ᠣᠷᠣᠭᠤᠯᠵᠤ ᠭᠠᠷᠭᠠᠬᠤ ᠬᠡᠮᠵᠢᠶ᠎ᠡ ᠶᠢ 10 ᠲᠦᠮᠡᠨ ᠬᠥᠮᠥᠨ ᠤᠳᠠᠭ᠎ᠠ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠲᠡᠮᠦᠷ ᠵᠠᠮ ᠤᠨ ᠴᠢᠳᠠᠪᠬᠢ ᠶᠢ ᠨᠡᠮᠡᠭᠳᠡᠭᠦᠯᠦᠨ ᠦᠷ᠎ᠡ ᠪᠦᠲᠦᠮᠵᠢ ᠣᠯᠬᠤ ᠶᠢ ᠠᠬᠢᠭᠤᠯᠵᠤ᠂  ᠪᠠᠢ ᠯᠠᠩ ᠷᠡᠰᠢᠶᠠᠨ ᠲᠡᠮᠦᠷ ᠵᠠᠮ ᠤᠨ ᠤᠯᠠᠭᠠᠨᠬᠤᠲᠠ ᠠᠴᠠ ᠷᠠᠰᠢᠶᠠᠨ ᠬᠦᠷᠬᠦ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠶᠢ ᠬᠡᠷᠡᠭᠵᠢᠭᠦᠯᠦᠨ᠂ ᠷᠠᠰᠢᠶᠠᠨ ᠠᠴᠠ ᠬᠠᠶᠢᠯᠠᠷ ᠬᠦᠷᠬᠦ ᠠᠵᠢᠯᠯᠠᠭᠠᠨ ᠤ ᠲᠡᠷᠭᠡ ᠵᠢᠯᠤᠭᠤᠳᠬᠤ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠱᠧᠨᠶᠠᠩ᠂ ᠬᠥᠬᠡᠬᠤᠲᠠ ᠵᠡᠷᠭᠡ ᠭᠤᠣᠯ ᠪᠣᠯᠬᠤ ᠠᠶᠠᠨᠴᠢᠳ ᠤᠨ ᠢᠷᠡᠯᠲᠡ ᠶᠢᠨ ᠤᠷᠤᠨ ᠤ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ 90 ᠡᠭᠡᠯᠵᠢ ᠠᠴᠠ ᠳᠡᠭᠡᠭᠰᠢ ᠨᠠᠪᠲᠠᠷᠡᠭᠦᠯᠵᠦ᠂ ᠵᠢᠭᠤᠯᠴᠢᠯᠠᠯ ᠤᠨ ᠬᠦᠮᠦᠨ ᠤ ᠲᠤᠭ᠎ᠠ ᠶᠢ 3 ᠲᠦᠮᠡ ᠳᠤ ᠬᠦᠷᠭᠡᠨ᠎ᠡ᠃      ︵ᠳᠥᠷᠪᠡ︶ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠢᠯᠡᠴᠢᠯᠡᠭᠡ ᠶᠢ ᠴᠢᠩᠭᠠᠳᠬᠠᠨ᠂ ᠬᠥᠭᠵᠢᠯᠲᠡ ᠶᠢ ᠥᠷᠭᠡᠳᠬᠡᠵᠦ᠂ ᠠᠵᠤ ᠠᠬᠤᠢ ᠶᠢᠨ ᠨᠡᠮᠡᠭᠳᠡᠯ ᠤᠨ ᠬᠦᠴᠦᠷᠬᠡᠭ ᠶᠡᠭᠡ ᠬᠥᠳᠡᠯᠭᠡᠭᠦᠷ ᠢ ᠪᠣᠶᠢᠵᠢᠭᠤᠯᠤᠨ᠎ᠠ      ᠷᠠᠰᠢᠶᠠᠨ ᠤ ᠳᠦᠷᠢ ᠲᠥᠷᠬᠦ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ︽ᠣᠷᠴᠢᠨ ᠲᠣᠭᠤᠷᠢᠨ ᠢ ᠰᠢᠯᠢᠳᠡᠭᠵᠢᠭᠦᠯᠬᠦ︾᠂ ︽ᠠᠷᠠᠯᠵᠢᠶᠠᠴᠢᠨ ᠤᠷᠢᠬᠤ ᠶᠢ ᠴᠢᠩᠭᠠᠳᠬᠠᠬᠤ︾᠂ ︽ᠨᠡᠭᠡᠭᠡᠯᠲᠡ ᠬᠢᠬᠦ ᠶᠢ ᠠᠬᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠦᠢᠯᠡᠴᠢᠯᠡᠬᠦ ︽ᠵᠢᠵᠢᠭ ᠳᠡᠯᠭᠡᠭᠦᠷ︾᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠵᠠᠮ ᠲᠠᠯᠪᠢᠬᠤ᠂ ᠭᠠᠳᠠᠭᠠᠳᠤ ᠨᠡᠭᠡᠭᠡᠯᠲᠡ ᠶᠢᠨ ︽ᠳᠠᠭᠠᠭᠤᠯᠤᠭᠴᠢ︾ ᠪᠣᠯᠵᠤ᠂ ᠷᠠᠰᠢᠶᠠᠨ ᠤ ᠰᠠᠶᠢᠨ ᠰᠠᠶᠢᠬᠠᠨ ᠳᠦᠷᠢ ᠲᠥᠷᠬᠦ ᠶᠢ ᠴᠣᠭᠴᠠᠯᠠᠨ᠎ᠠ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ︽ᠠᠷᠪᠠ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ 4.0 ᠥᠭᠡᠷᠡᠴᠢᠯᠡᠯᠲᠡ ᠶᠢᠨ ᠲᠥᠰᠥᠯ ᠢ ᠨᠠᠶᠢᠷᠠᠭᠤᠯᠤᠨ ᠲᠡᠭᠦᠯᠳᠡᠷᠵᠢᠭᠦᠯᠵᠦ᠂ ︽ᠤᠯᠠᠭᠠᠨ ᠬᠠᠷ᠎ᠠ ᠰᠠᠮᠪᠠᠷ᠎ᠠ︾ ᠪᠠᠷ ᠰᠢᠯᠭᠠᠨ ᠬᠢᠨᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠠᠳᠠᠯᠤᠨ ᠰᠤᠳᠤᠯᠵᠤ ᠰᠢᠭᠦᠨ ᠲᠠᠰᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠳᠠᠭᠠᠬᠤ ᠨᠣᠷᠮ᠎ᠠ ᠶᠢ 100% ᠳᠤ ᠪᠤᠯᠭᠠᠵᠤ᠂ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ 95%  ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠢᠲᠡᠭᠡᠯ ᠢᠶᠠᠨ ᠠᠯᠳᠠᠬᠤ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠶᠢ ᠪᠡᠶᠡᠯᠡᠭᠦᠯᠬᠦ ᠶᠢᠨ ᠠᠷᠭ᠎ᠠ ᠦᠭᠡᠢ ᠲᠥᠷᠥ ᠶᠢᠨ ᠪᠣᠳᠣᠯᠭ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠬᠠᠷᠠᠭᠠᠯᠵᠠᠯ ᠦᠵᠡᠭᠦᠯᠵᠦ ᠱᠠᠩᠨᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠪᠴᠢᠯᠡᠨ ᠲᠦᠯᠬᠢᠨ ᠠᠬᠢᠭᠤᠯᠵᠤ᠂ ᠮᠡᠳᠡᠭᠡ ᠬᠤᠯᠪᠣᠭᠠᠨ ᠤ ᠳᠣᠬᠢᠶ᠎ᠠ ᠶᠢᠨ ᠪᠦᠷᠬᠦᠴᠡ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠦᠨ ᠯᠦ ᠤᠰᠤᠨ ᠤ ᠦᠢᠯᠡᠰ ᠤᠨ ᠳᠦᠷᠢᠮ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠢ ᠺᠧ  ᠷᠠᠰᠢᠶᠠᠨ ᠤᠰᠤᠨ ᠤ ᠭᠠᠷᠤᠯᠲᠠ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠲᠣᠭᠲᠠᠭᠠᠯ   ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠭ᠋ᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠴᠠᠬᠢᠯᠭᠠᠨ ᠲᠣᠣᠷ ᠢ ᠨᠡᠮᠡᠭᠳᠡᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠬᠤᠳᠠ ︵ᠰᠢᠶᠠᠨ︶ ᠵᠡᠷᠭᠡ ᠲᠤᠷᠰᠢᠯᠲᠠ ᠶᠢᠨ ᠠᠵᠢᠯ ᠢ ᠲᠥᠯᠥᠪᠵᠢᠭᠦᠯᠵᠦ ᠴᠢᠷᠮᠠᠶᠢᠨ ᠬᠢᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠰᠣᠶᠣᠯ ᠵᠢᠭᠤᠯᠴᠢᠯᠠᠯ ᠤᠨ ᠺᠣᠮᠫᠠᠨᠢ᠂ ᠲᠠᠷᠢᠶᠠᠯᠠᠩ ᠬᠤᠳᠠᠯᠳᠤᠭᠠᠨ ᠤ ᠺᠣᠮᠫᠠᠨᠢ ᠶᠢᠨ ᠡᠵᠡᠩᠨᠡᠯᠲᠡ ᠶᠢᠨ ᠣᠷᠣᠯᠭ᠎ᠠ ᠶᠢ ᠴᠥᠮ 5000 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃      ᠤᠨᠢᠨ ᠳᠡᠭᠡᠷ᠎ᠡ ᠨᠢ ᠬᠦᠴᠦᠯᠡᠵᠦ ᠬᠦᠴᠦᠷᠬᠡᠭ ᠢ ᠶᠡᠬᠡᠪᠡᠷ ᠳᠡᠳᠡᠨ ᠠᠪᠴᠢᠷᠠᠨ᠎ᠠ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠵᠢᠴᠢ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠡᠬᠢ ᠪᠠᠶᠠᠯᠢᠭ ᠬᠤᠭᠤᠰᠤᠷᠠᠭᠰᠠᠨ ᠬᠤᠲᠠ ᠶᠢᠨ ᠬᠡᠯᠪᠡᠷᠢ ᠶᠢ ᠬᠤᠪᠢᠷᠠᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠥᠪ ᠤᠨ ᠬᠤᠲᠠ ᠪᠠᠯᠭᠠᠰᠤᠨ ᠤ ᠲᠤᠷᠰᠢᠯᠲᠠ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠴᠢᠩᠭᠠᠳᠬᠠᠵᠤ᠂ ︽ᠲᠠᠪᠤᠨ ᠶᠡᠭᠡ ᠠᠵᠤ ᠦᠢᠯᠡᠰ ᠤᠨ ᠬᠡᠯᠬᠢᠶ᠎ᠡ︾ ᠶᠢᠨ ᠠᠷᠠᠯᠵᠢᠶᠠᠴᠢᠨ ᠤᠷᠢᠬᠤ ᠲᠤᠰᠬᠠᠢ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ  ᠶᠢ ᠥᠷᠨᠢᠭᠦᠯᠵᠦ᠂ ︽ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠨᠥᠬᠦᠷᠰᠡᠭ ᠬᠤᠲᠠ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠵᠡᠷᠭᠡ ᠲᠠᠪᠴᠠᠩ ᠤᠨ ᠡᠬᠢ ᠪᠠᠶᠠᠯᠢᠭ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠪᠡᠭᠡᠵᠢᠩ ᠲᠢᠶᠠᠨᠵᠢᠨ ᠾᠧᠪᠧᠢ᠂  ᠬᠠᠷᠪᠢᠨ ᠬᠢᠷᠢᠨ ᠯᠢᠶᠣᠣᠨᠢᠩ᠂ ᠳ᠋ᠠ ᠸᠠᠨ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠂ ᠴᠡᠭ ᠲᠤ ᠰᠠᠭᠤᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ︽ᠪᠡᠭᠡᠵᠢᠩ ᠤᠨ ᠵᠢᠷᠭᠤᠭᠠᠨ ᠨᠠᠷᠠᠲᠤ ᠲᠡᠮᠳᠡᠭᠲᠦ︾ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠬᠤ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠣᠷᠣᠭᠤᠯᠬᠤ ᠪᠠᠷ ᠴᠢᠷᠮᠠᠶᠢᠨ᠎ᠠ᠃ ᠲᠠᠢ ᠺᠠᠩ ᠤᠷᠠᠯᠢᠭ ᠤᠨ ᠲᠥᠪ᠂ ᠵᠢᠦᠢ ᠰᠢᠶᠠᠩ ᠤᠢ ᠰᠢᠭᠤᠢ ᠶᠢᠨ ᠬᠠᠯᠠᠭᠤᠨ ᠷᠠᠰᠢᠶᠠᠨ ᠤ ᠪᠠᠭᠤᠳᠠᠯ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ᠭᠠᠳᠠᠭᠰᠢ ᠨᠡᠭᠡᠭᠡᠯᠲᠡ ᠬᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠪᠣᠭᠤᠮᠳᠡ ᠰᠢᠪᠳᠣᠯᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠴᠢᠯᠦᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠢᠳᠡᠪᠬᠢᠲᠡᠢ ᠣᠷᠣᠯᠴᠠᠵᠤ᠂ ︽ᠭᠤᠷᠪᠠ ᠶᠢ ᠨᠢᠭᠡ ᠴᠣᠭᠴᠠᠵᠢᠭᠤᠯᠬᠤ︾ ᠬᠥᠭᠵᠢᠯᠲᠡ ᠶᠢᠨ ᠵᠠᠭᠪᠤᠷ ᠤᠨ ᠲᠣᠭᠤᠷᠢᠨ ᠳᠤ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ︽ᠪᠣᠭᠤᠮᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ᠂ ᠪᠣᠭᠤᠮᠲᠠ ᠶᠢᠨ ᠰᠠᠭᠤᠷᠢ ᠲᠦᠬᠦᠭᠡᠷᠣᠮᠵᠢ ᠶᠢᠨ ᠥᠭᠡᠷᠡᠴᠢᠯᠡᠯᠲᠡ᠂ ᠱᠦᠢ ᠹᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ 6 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ ᠃ ᠬᠢᠯᠢ ᠶᠢᠨ ᠪᠣᠭᠤᠮᠲᠠ ᠶᠢᠨ ᠪᠠᠶᠢᠩᠭᠤ ᠶᠢᠨ ᠨᠡᠭᠡᠭᠡᠯᠲᠡ ᠶᠢ ᠪᠡᠶᠡᠯᠡᠭᠦᠯᠵᠦ᠂ ᠬᠠᠷᠢᠯᠴᠠᠨ ᠠᠷᠡᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠢ ᠵᠢᠩᠬᠢᠨᠢ ᠪᠠᠷ ᠡᠵᠡᠩᠨᠡᠬᠦ ᠶᠢ ᠠᠬᠢᠭᠤᠯᠤᠨ᠎ᠠ᠃ ATA ᠬᠠᠭᠤᠳᠠᠰᠤ ᠦᠨᠡᠮᠯᠡᠯ ᠤᠨ ᠳᠡᠪᠲᠡᠷ ᠢ ᠭᠦᠢᠴᠡᠳᠬᠡᠬᠦ ᠴᠤᠪᠤᠷᠠᠯ ᠪᠠ ᠬᠡᠷᠡᠭᠯᠡᠬᠦ ᠬᠡᠪᠴᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠨᠡᠪᠲᠡᠷᠡᠬᠦ ᠲᠤᠷᠰᠢᠯᠲᠠ ᠶᠢᠨ ᠪᠣᠭᠤᠮᠲᠠ ᠶᠢ ᠢᠳᠡᠪᠬᠢᠲᠡᠢ ᠪᠠᠷ ᠭᠤᠶᠤᠴᠢᠯᠠᠨ᠎ᠠ᠃ ᠬᠢᠯᠢ ᠪᠠᠷ ᠣᠷᠣᠭᠤᠯᠬᠤ ᠬᠦᠯᠳᠡᠬᠦᠣ ᠰᠢᠨ᠎ᠡ ᠰᠣᠷᠭᠤᠭ ᠤᠰᠤᠨ ᠭᠠᠷᠤᠯᠲᠠ ᠶᠢᠨ ᠪᠣᠭᠤᠮᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠭᠠᠵᠠᠷ ᠢ ᠭᠤᠶᠤᠴᠢᠯᠠᠨ ᠪᠠᠶᠢᠭᠤᠯᠤᠨ᠎ᠠ᠃ ᠬᠤᠪᠴᠠᠰᠤ ᠵᠠᠰᠠᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠲᠠᠸᠠᠷ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ 2 ᠲᠦᠮᠡᠨ ᠲᠣᠨ ᠴᠢᠷᠮᠠᠶᠢᠨ ᠪᠡᠶᠡᠯᠡᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠪᠡᠯᠡ ᠣᠷᠣᠭᠤᠯᠬᠤ ᠪᠠ ᠬᠥᠮᠥᠨ ᠪᠦᠷᠢ ᠳᠤ ᠳᠤᠮᠳᠠᠴᠢ ᠪᠠᠷ ᠬᠡᠷᠡᠭᠯᠡᠬᠦ ᠭᠠᠳᠠᠭᠠᠳᠤ ᠪᠡᠯᠡ ᠵᠡᠷᠭᠡ ᠲᠠᠯ᠎ᠠ ᠶᠢᠨ ᠬᠤᠭᠤᠰᠤᠨ ᠢ ᠨᠦᠬᠦᠪᠤᠷᠢᠯᠡᠨ᠎ᠡ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠯᠤᠭ᠎ᠠ ᠶᠢᠨ ᠲᠣᠭᠲᠠᠮᠠᠯ ᠬᠤᠭᠤᠴᠠᠭᠠᠲᠤ ᠠᠭᠤᠯᠵᠠᠯᠲᠠ ᠶᠢ ᠴᠢᠩᠭᠠᠳᠬᠠᠨ᠂ ᠮᠣᠩᠭᠤᠯ ᠤᠯᠤᠰ ᠤᠨ ᠠᠷᠪᠠᠨ ᠳ᠋ᠦᠩᠰᠢᠭᠤᠷ ᠰᠠᠭᠤᠷᠢ ᠮᠣᠳᠣ ᠳᠠᠷᠢᠬᠤ ᠲᠥᠯᠥᠪᠯᠡᠭᠡ ᠳᠤ ᠢᠳᠡᠪᠬᠢᠲᠡᠢ ᠣᠷᠣᠯᠴᠠᠵᠤ᠂ ᠳᠤᠮᠳᠠᠳᠤ ᠮᠣᠩᠭᠤᠯ ᠤᠨ ᠣᠯᠠᠨ ᠤᠯᠤᠰ ᠤᠨ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ ᠤᠨ ᠬᠠᠯᠬ᠎ᠠ ᠭᠤᠣᠯ ᠤᠨ ᠣᠯᠠᠨ ᠤᠯᠤᠰ ᠤᠨ ᠶᠠᠷᠢᠶᠠᠨ ᠤ ᠲᠠᠪᠴᠠᠩ᠂ ︽7᠂ 8᠂ 9 ᠳ᠋ᠣᠭᠡᠷ ᠰᠠᠷ᠎ᠠ ᠶᠢᠨ ᠰᠢᠵᠢᠷ ᠠᠯᠲᠠᠨ ᠤᠯᠠᠷᠢᠯ︾ ᠪᠠ ᠰᠣᠶᠣᠯ ᠤᠷᠠᠯᠢᠭ ᠤᠨ ᠭᠠᠷᠠᠭ ᠵᠡᠷᠭᠡ ᠭᠠᠳᠠᠭᠠᠳᠤ ᠲᠠᠢ ᠬᠤᠯᠪᠣᠭᠳᠠᠬᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠭᠤᠯᠤᠨ᠎ᠠ᠃      ︵ᠲᠠᠪᠤ︶ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠣᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ      ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ︽ᠪᠤᠶᠠᠨ ᠵᠢᠷᠭᠠᠯ ᠢ ᠨᠡᠮᠡᠭᠳᠡᠭᠦᠯᠬᠦ︾᠂ ︽ᠦᠨᠳᠦᠰᠦᠨ ᠵᠦᠢᠯ ᠢ ᠪᠠᠲᠤᠯᠠᠬᠤ︾᠂ ︽ᠠᠮᠤᠷ ᠲᠦᠪᠰᠢᠨ ᠢ ᠲᠣᠭᠲᠠᠭᠤᠨ ᠪᠠᠶᠢᠯᠭᠠᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠠᠭᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠦᠢᠯᠡᠰ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠤᠯᠠᠨ ᠲᠦᠮᠡᠨ ᠢ ᠦᠨᠡᠨ ᠬᠦ ᠥᠪᠡᠷ ᠢ ᠪᠠᠨ ︽ᠷᠠᠰᠢᠶᠠᠨ ᠤ ᠬᠥᠮᠥᠨ︾ ᠭᠡᠳᠡᠭ ᠢᠶᠠᠷ ᠢᠷᠠᠭᠤ ᠠᠯᠳᠠᠷ ᠢᠶᠠᠨ ᠪᠣᠯᠭᠠᠵᠤ᠂ ᠡᠨᠡᠬᠦ ᠵᠢᠵᠢᠭ ᠬᠤᠳᠠ ᠳᠤ ᠠᠮᠢᠳᠤᠷᠠᠵᠤ ᠪᠠᠶᠢᠬᠤ ᠵᠤᠯ ᠵᠢᠷᠭᠠᠯᠳᠤ ᠲᠦᠷᠦᠭᠳᠡᠯ ᠢ ᠨᠡᠮᠡᠭᠳᠡᠬᠦᠯᠬᠦ ᠬᠡᠷᠡᠭᠳᠡᠢ᠃      ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠠᠷᠠᠳ ᠤᠨ ᠭᠡᠷ ᠤᠨ ᠡᠭᠦᠳᠡᠨ ᠳᠠᠬᠢ ᠬᠠᠨᠤᠮᠵᠢᠲᠠᠶ ᠰᠤᠷᠭᠠᠭᠤᠯᠢ︾ ᠶᠢ ᠰᠠᠶᠢᠲᠤᠷ ᠡᠷᠭᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠶᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠲᠦᠷᠭᠡᠳᠬᠡᠵᠦ᠂ ᠨᠢᠭᠡᠳᠦᠭᠡᠷ ᠬᠡᠦᠬᠡᠳ ᠤᠨ ᠴᠡᠴᠡᠷᠯᠢᠭ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠦᠷᠭᠡᠨ ᠲᠡᠰᠢᠯᠲᠡ ᠶᠢᠨ ᠲᠤᠷᠰᠢᠯᠲᠠ ᠶᠢᠨ ᠠᠩᠭᠢ ᠶᠢ ᠪᠠᠶᠢᠭᠤᠯᠤᠨ᠂ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ︾ ᠢ ᠴᠢᠷᠮᠠᠶᠢᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠬᠤᠳᠠ ︵ᠰᠢᠶᠠᠨ︶ ᠶᠢᠨ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠤᠨ᠎ᠠ︔ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ᠂ ᠪᠡᠶ᠎ᠡ ᠶᠢᠨ ᠪᠠᠶᠢᠴᠠᠭᠠᠯᠲᠠ ᠶᠢᠨ ᠰᠠᠯᠠᠭ᠎ᠠ ᠲᠠᠰᠤᠭ ᠪᠠ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ︽ᠷᠡᠰᠢᠶᠠᠨ︾ ᠡᠮᠴᠢᠯᠡᠭᠡᠨ ᠤ ᠠᠷᠭ᠎ᠠ ᠶᠢᠨ ᠣᠨᠴᠠᠯᠢᠭᠲᠤ ᠣᠨᠣᠰᠢᠯᠠᠨ ᠡᠮᠨᠡᠬᠦ ᠲᠤᠰᠬᠠᠢ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠡᠷᠡᠭᠦᠯ ᠬᠠᠮᠠᠭᠠᠯᠠᠯ ᠤᠨ ᠰᠢᠶᠠᠩ ︵ᠪᠠᠯᠭᠠᠰᠤ︶ ᠢ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠰᠣᠶᠣᠯ ᠤᠨ ᠣᠷᠳᠣᠨ᠂ ᠢᠷᠪᠢᠰ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ 5 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠮᠣᠳᠣ ᠬᠠᠳᠠᠭᠠᠯᠠᠬᠤ ᠲᠠᠯᠠᠪᠠᠶ ᠶᠢᠨ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠰᠣᠶᠣᠯ ᠲᠠᠮᠢᠷ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠬᠦ ᠶᠢ ᠳᠡᠮᠵᠢᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ᠂ ᠴᠠᠭ ᠠᠭᠤᠷ᠂ ᠠᠬᠠᠮᠠᠳ ᠺᠠᠳ᠋ᠷᠴᠤᠳ᠂ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠨ᠎ᠠ᠃ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾ ᠤᠨ ᠠᠵᠢᠯ ᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠦᠭᠡᠢ ᠬᠦᠮᠦᠰ ᠤᠨ ᠭᠡᠷ ᠪᠦᠯᠢ ᠶᠢ ᠬᠥᠳᠡᠯᠦᠩᠭᠦᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷ ᠪᠡᠷᠬᠡᠰᠢᠶᠡᠯ ᠲᠠᠢ ᠬᠢᠯᠢ ᠬᠢᠵᠠᠭᠠᠷ ᠣᠷᠣᠨ ᠤ ᠲᠦᠷᠦᠯ ᠢᠯᠭᠠᠯ ᠳᠤ ᠲᠣᠬᠢᠷᠠᠭᠤᠯᠤᠯᠲᠠ ᠬᠢᠵᠦ᠂ ᠴᠠᠯᠢᠩ ᠣᠯᠭᠤᠮᠵᠢ ᠶᠢ ᠳᠡᠭᠡᠭᠰᠢᠯᠡᠭᠦᠯᠬᠦ ᠪᠠᠷ ᠭᠤᠶᠤᠴᠢᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ 2% ᠢᠶᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠡᠷᠦᠬᠡ ᠪᠦᠷᠢ ᠳᠤ 2 ᠲᠣᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠰᠠᠶᠢᠲᠤᠷ ᠲᠠᠷᠬᠠᠭᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠰᠠᠶᠢᠲᠤᠷ ᠪᠠᠲᠤᠯᠠᠨ᠎ᠠ᠃ ︽ᠬᠤᠶᠠᠷ ᠬᠤᠲᠠ ᠬᠤᠶᠠᠷ ᠲᠤᠷᠰᠢᠯᠲᠠ ᠶᠢᠨ ᠴᠡᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ ᠬᠤᠷᠢᠮ ᠤᠨ ᠬᠡᠪ ᠵᠠᠩᠰᠢᠯ ᠤᠨ ᠬᠡᠷᠡᠯ ᠵᠢᠷᠤᠭ ᠪᠠ ᠣᠯᠠᠨ ᠤᠯᠤᠰ ᠤᠨ ᠵᠢᠭᠤᠯᠴᠢᠯᠠᠯ ᠤᠨ ᠰᠡᠭᠦᠳᠡᠷᠯᠡᠬᠦ ᠰᠠᠭᠤᠷᠢᠨ ᠭᠠᠵᠠᠷ ᠢ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠭᠠᠵᠠᠷ ᠬᠦᠷᠦᠰᠦ ᠶᠢ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠵᠠᠭᠪᠤᠷ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠣᠨ ᠤ ᠡᠭᠦᠷᠭᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠮᠠᠷᠠᠯᠲᠠ ᠶᠢᠨ ᠢᠷᠠᠭᠤ ᠠᠯᠳᠠᠷᠲᠤ ᠰᠤᠪᠢᠯᠠᠯᠲᠠ ᠶᠢᠨ ᠰᠠᠭᠤᠷᠢᠨ ᠭᠠᠵᠠᠷ ᠢ ᠨᠠᠶᠢᠳᠠᠪᠤᠷᠢᠵᠢᠭᠤᠯᠤᠨ ᠫᠠᠶᠢᠰᠠ ᠡᠯᠭᠦᠭᠦᠯᠬᠦ ᠪᠠᠷ ᠴᠢᠷᠮᠠᠶᠢᠨ᠎ᠠ᠃      ᠠᠮᠤᠷ ᠲᠦᠪᠰᠢᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ︽ᠳᠥᠷᠪᠡᠨ ᠬᠢᠵᠠᠭᠠᠷ ᠤᠨ ᠢᠨᠵᠧᠨᠧᠷᠢᠩ︾ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾ ᠤᠨ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠱᠣ᠋ ᠴᠢᠦ ᠬᠢᠯᠢ ᠶᠢᠨ ᠪᠠᠶᠢᠴᠠᠭᠠᠬᠤ ᠥᠷᠲᠡᠭᠡ ᠶᠢᠨ ᠪᠠᠷᠢᠮᠵᠢᠶᠠᠵᠢᠭᠤᠯᠤᠭᠰᠠᠨ ᠪᠠᠶᠢᠴᠠᠭᠠᠨ ᠰᠢᠯᠭᠠᠬᠤ ᠣᠷᠣᠨ᠂ ᠲᠦᠷ ᠬᠤᠷᠢᠬᠤ ᠭᠠᠵᠠᠷ ᠤᠨ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠲᠤᠭᠰᠢᠨ ᠰᠠᠯᠬᠢ︾ ᠶᠢᠨ ᠠᠵᠢᠯᠯᠠᠭ᠎ᠠ ᠶᠢ ᠥᠷᠨᠢᠭᠦᠯᠵᠦ᠂ ︽ᠠᠮᠢᠨ ᠬᠡᠷᠡᠭ ᠭᠠᠷᠤᠭᠰᠠᠨ ᠦᠭᠡᠢ︾ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠹᠧᠩ ᠴᠢᠶᠣᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ︽12345︾ ᠠᠵᠢᠯ ᠤᠨ ᠠᠷᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠣᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠤᠯᠠᠪᠤᠷ ᠥᠩᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠤᠬᠤᠷᠢᠨ ᠭᠠᠷᠴᠤ᠂ 71 ᠢᠵᠢ ᠪᠠᠲᠤᠯᠠᠭᠠᠲᠤ ᠵᠠᠮ ᠬᠠᠷᠢᠯᠴᠠᠭᠠᠨ ᠤ ᠠᠰᠠᠷ ᠢ ᠲᠤᠰᠢᠶᠠᠨ ᠥᠭᠬᠦ ᠡᠭᠦᠷᠭᠡ ᠶᠢ ᠪᠡᠶᠡᠯᠡᠭᠦᠯᠵᠦ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠭᠡᠬᠦ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ︽ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠪᠠ ᠠᠮᠤᠷ ᠲᠦᠪᠰᠢᠨ ᠤ ᠬᠥᠮᠦᠵᠢᠯ ᠤᠨ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠨᠥᠭᠡᠴᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠢᠳᠡᠭᠡᠨ ᠤ ᠵᠦᠢᠯ᠂ ᠵᠠᠮ ᠬᠠᠷᠢᠯᠴᠠᠭ᠎ᠠ᠂ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠨᠳᠦ ᠣᠨᠴᠠ ᠶᠡᠭᠡ ᠠᠮᠤᠷ ᠲᠦᠪᠰᠢᠨ ᠤ ᠡ᠊ᠨᠳᠡᠯ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ  ᠪᠦᠳᠣᠭᠡᠨ ᠪᠠᠶᠢᠭᠤᠯᠣᠯᠳᠡ ᠪᠠᠨ ᠴᠢᠩᠭᠠᠳᠬᠠᠨ᠎ᠠ      ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠵᠠᠮ ᠨᠢ ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ ᠪᠢᠳᠡ ᠡᠷᠬᠡᠪᠰᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠨ  ᠂ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠨᠠᠮ ᠪᠣᠯᠣᠨ ᠠᠷᠠᠳ ᠲᠦᠮᠡᠨ ᠳᠤ ᠬᠠᠨᠤᠮᠵᠢᠲᠠᠢ ᠰᠢᠨ᠎ᠡ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃      ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠵᠣᠭᠰᠣᠯᠲᠠ ᠪᠠᠨ ᠪᠠᠲᠤᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠤᠯᠤᠰ ᠲᠦᠷᠦ ᠶᠢᠨ ᠭᠤᠷᠪᠠᠨ ᠬᠦᠴᠦᠨ︾  ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠲᠤᠭᠤᠰᠢᠯᠠᠭᠤᠯᠵᠤ᠂ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠠᠬᠢ ᠪᠤᠶ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ ᠢ ᠢᠮᠠᠭᠲᠠ ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨᠴᠢ ᠱᠤᠭᠤᠮ ᠢᠶᠠᠷ ᠲᠦᠷᠦᠭᠦᠯᠡᠨ ᠰᠠᠶᠢᠲᠤᠷ ᠵᠠᠮᠨᠠᠵᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠢᠯᠡᠷᠡᠭᠦᠯᠣᠨ᠂ ︽ᠭᠠᠮᠨᠠᠨ ᠠᠷᠪᠢᠯᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ᠬᠡᠮᠵᠢᠶ᠎ᠡ ᠲᠠᠢ ᠡᠳ᠋ ᠤᠨ ᠬᠦᠴᠦᠨ ᠢᠶᠠᠨ ᠤᠯᠠᠨ ᠲᠦᠮᠡᠨ ᠤ ᠰᠡᠨᠠᠭ᠎ᠠ ᠵᠣᠪᠠᠵᠣ ᠪᠠᠶᠢᠭ᠎ᠠ ᠶᠠᠪᠤᠳᠠᠯ ᠢ ᠰᠢᠢᠳᠪᠦᠷᠢᠯᠡᠬᠦ ᠳᠡᠭᠡᠷ᠎ᠡ ᠬᠡᠷᠡᠭᠯᠡᠵᠦ᠂ ᠤᠯᠠᠨ ᠲᠦᠮᠡᠨ ᠳᠤ ᠬᠠᠨᠳᠤᠭᠤᠯᠤᠭᠰᠠᠨ ︽ᠲᠠᠩᠰᠠ ᠮᠡᠳᠡᠭᠦᠯᠬᠦ ᠤᠬᠠᠮᠰᠠᠷ᠂ ᠰᠢᠯᠭᠠᠯᠳᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ︾ ᠢ ᠴᠢᠩᠭᠠᠳᠬᠠᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠪᠠᠷ ᠬᠢᠵᠦ᠂ ᠬᠦᠴᠢᠷ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃      ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨ ᠬᠦ ᠪᠠᠲᠤᠯᠠᠨ᠎ᠠ᠃      ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠳᠠᠷᠠᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ   ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾  ᠢ ᠴᠢᠩᠭ᠎ᠠ ᠰᠡᠷᠭᠡᠶᠢᠯᠡᠵᠦ᠂ ︽ᠬᠠᠷᠢᠭᠤᠴᠠᠯᠭ᠎ᠠ ᠡᠭᠦᠷᠭᠡᠯᠡᠨ ᠠᠵᠢᠯᠯᠠᠬᠤ︾ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠬᠢᠬᠦ ᠶᠢ ᠬᠦᠰᠡᠬᠦ᠂ ᠠᠵᠢᠯ ᠬᠢᠵᠦ ᠳᠡᠶᠢᠯᠬᠦ᠂ ᠠᠵᠢᠯ ᠬᠢᠵᠦ ᠪᠦᠲᠦᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠲᠥᠯᠥᠭᠡᠯᠡᠭᠴᠢᠳ ᠠ᠋︕ ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠶᠢ ᠡᠭᠦᠷᠭᠡᠯᠡᠨ ᠳᠠᠬᠢᠨ ᠮᠤᠷᠳᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠲᠥᠪᠯᠡᠷᠡᠭᠦᠯᠵᠦ᠂ ᠴᠤᠴᠠᠯᠲᠠ ᠦᠭᠡᠢ ᠲᠡᠮᠡᠴᠡᠬᠦ᠂ ᠦᠪᠡᠷ ᠢᠶᠠᠨ ᠢᠶᠠᠨ ᠦᠷᠡᠭᠳᠡᠬᠦ ᠦᠭᠡᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠷᠠᠰᠢᠶᠠᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠨᠡᠷᠡᠰ ᠤᠨ ᠲᠠᠶᠢᠯᠪᠤᠷᠢ      1. ᠬᠤᠶᠠᠷ ᠶᠡᠭᠡ ᠶᠠᠪᠤᠳᠠᠯ᠄ ᠲᠤᠬᠠᠶᠢᠯᠠᠪᠠᠯ᠂ ︽ᠲᠠᠪᠤᠨ ᠶᠡᠭᠡ ᠡᠭᠦᠷᠭᠡ︾ ︵ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ︽ᠬᠥᠭᠦᠷᠭᠡᠨ ᠪᠠᠬᠢᠯᠡᠯᠲᠡ︾ ᠪᠣᠯᠭᠠᠨ ᠪᠦᠲᠦᠭᠡᠨ ᠪᠠᠶᠢᠭᠤᠯᠤᠨ᠎ᠠ︶ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃      2. ︽12135︾ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ᠄ ᠲᠤᠬᠠᠶᠢᠯᠠᠪᠠᠯ᠂ ︽ᠤᠯᠤᠰ ᠤᠨ ᠳᠣᠲᠣᠭᠠᠳᠤ ᠳᠤ ᠲᠡᠷᠢᠭᠦᠨ ᠳᠡᠰ ᠤᠨ᠂ ᠳᠡᠯᠡᠬᠡᠢ ᠳᠤ ᠠᠯᠳᠠᠷᠲᠠᠢ︾ ᠵᠢᠭᠤᠯᠴᠢᠯᠠᠯ ᠤᠨ ᠬᠤᠲᠠ  ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠬᠠᠷᠢᠶ᠎ᠠ ᠣᠷᠣᠨ ᠨᠢ ᠳᠠᠷᠤᠢ ᠦᠵᠡᠮᠵᠢ ᠶᠢᠨ ᠣᠷᠣᠨ ᠪᠣᠯᠬᠤ︾ ᠪᠠ ︽ᠦᠵᠡᠮᠵᠢ ᠬᠤᠲᠠ ᠶᠢ ᠠᠭᠤᠰᠤᠯᠴᠠᠭᠤᠯᠬᠤ︾ ᠬᠤᠶᠠᠷ ᠶᠡᠭᠡ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠠ ᠤᠯᠤᠰ ᠤᠨ ᠪᠦᠬᠦ  ᠬᠦᠷᠢᠶᠡᠨ ᠳᠠᠬᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠵᠢᠷᠭᠤᠭᠠᠨ ᠶᠡᠭᠡ ᠵᠢᠭᠤᠯᠴᠢᠯᠠᠯ ᠤᠨ ᠦᠵᠡᠮᠵᠢ ᠶᠢᠨ ᠣᠷᠣᠨ ︵ᠸᠧᠨᠴᠢᠣᠸᠠᠨ ᠤ ᠴᠠᠰᠤᠲᠤ ᠬᠤᠲᠠ ᠶᠢᠨ ᠠᠮᠠᠷᠠᠯᠲᠠ ᠶᠢᠨ ᠣᠷᠣᠨ᠂ ᠲᠢᠶᠠᠨ ᡂᠢ ᠦᠵᠡᠮᠵᠢ ᠶᠢᠨ ᠣᠷᠣᠨ᠂ ᠬᠢᠯᠢ ᠶᠢᠨ ᠪᠣᠭᠤᠮᠲᠠ ᠶᠢᠨ ᠦᠵᠡᠮᠵᠢ ᠶᠢᠨ ᠣᠷᠣᠨ᠂ ᠪᠠᠢ ᠯᠠᠩ ᠣᠶ ᠰᠢᠭᠤᠢ ᠶᠢᠨ ᠦᠵᠡᠮᠵᠢ ᠶᠢᠨ ᠣᠷᠣᠨ᠂ ᠣᠯᠠᠠᠪᠣᠷᠬᠠᠨ ᠦᠵᠡᠮᠵᠢ ᠶᠢᠨ ᠣᠷᠣᠨ᠂ ᠬᠤᠭᠤᠰᠤᠨᠵᠢᠯᠠᠭ᠎ᠠ ᠦᠵᠡᠮᠵᠢ ᠶᠢᠨ ᠣᠷᠣᠨ︶᠂ ᠵᠢᠷᠭᠤᠭᠠᠨ ᠲᠣᠮᠣ ᠭᠤᠣᠯ ᠵᠢᠭᠤᠯᠴᠢᠯᠠᠯ ᠤᠨ ᠪᠦᠲᠦᠭᠡᠭᠳᠡᠬᠦᠨ ︵ᠪᠠᠶᠢᠭᠠᠯᠢ ᠶᠢᠨ ᠦᠵᠡᠮᠵᠢ᠂ ᠸᠧᠨᠴᠢᠣᠸᠠᠨ ᠤ ᠡᠷᠡᠭᠦᠯᠵᠢᠯ᠂ ᠮᠥᠰᠥ ᠴᠠᠰᠤᠨ ᠤ ᠪᠡᠶ᠎ᠡ ᠶᠢᠨ ᠲᠠᠮᠢᠷ᠂ ᠰᠡᠯᠡᠭᠦᠴᠡᠯ ᠵᠤᠰᠠᠯᠠᠩ᠂ ᠰᠤᠳᠤᠯᠭᠠᠨ ᠰᠢᠨᠵᠢᠯᠡᠭᠡᠨ᠂ ᠬᠤᠷᠠᠯ ᠤᠨ ᠶᠠᠷᠢᠶᠠᠨ ᠤ ᠲᠠᠪᠴᠠᠩ︶ ᠢ ᠨᠡᠭᠡᠭᠡᠨ ᠬᠥᠭᠵᠢᠭᠦᠯᠵᠦ᠂ ᠵᠢᠷᠭᠤᠭᠠᠨ ᠳᠡᠰ ᠤᠨ ᠵᠢᠭᠤᠯᠴᠢᠯᠠᠯ ᠤᠨ ᠱᠤᠭᠤᠮ ︵ᠦᠵᠡᠮᠵᠢ ᠶᠢᠨ ᠣᠷᠣᠨ ᠳᠤ ᠨᠡᠪᠲᠡᠷᠡᠵᠦ᠂ ᠬᠠᠷᠢᠶ᠎ᠠ ᠣᠷᠣᠨ ᠢ ᠬᠤᠯᠪᠣᠨ ᠨᠠᠪᠲᠠᠷᠡᠭᠦᠯᠵᠦ᠂ ᠪᠥᠬᠦ ᠠᠶᠢᠮᠠᠭ ᠢ ᠬᠠᠮᠤᠷᠤᠭᠰᠠᠨ᠂ ᠵᠡᠭᠦᠨ ᠬᠤᠶᠢᠲᠤ ᠣᠷᠣᠨ ᠢ ᠬᠠᠮᠤᠷᠤᠭᠰᠠᠨ᠂ ᠪᠥᠬᠦ ᠤᠯᠤᠰ ᠲᠤ ᠬᠠᠨᠳᠤᠭᠤᠯᠤᠭᠰᠠᠨ᠂ ᠳᠡᠯᠡᠬᠡᠢ ᠶᠢᠨ ᠵᠢᠷᠭᠤᠭᠠᠨ ᠳᠡᠰ ᠤᠨ ᠲᠣᠭᠤᠷᠢᠯ ᠵᠠᠮ ᠢ ᠪᠠᠷᠠᠯᠠᠬᠤ︶ ᠭᠤᠷᠪᠠᠨ ᠲᠣᠮᠣ ᠢᠨᠵᠧᠨᠧᠷᠢᠩ ᠢ ᠪᠣᠶ ᠪᠣᠯᠭᠠᠨ᠎ᠠ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠵᠦᠢᠯᠡᠰ ᠢᠶᠠᠷ ᠲᠤᠯᠭᠠᠭᠤᠷᠢᠯᠠᠭᠤᠯᠬᠤ᠂ ᠤᠶᠤᠨ ᠤᠬᠠᠭᠠᠨ ᠢᠶᠠᠷ ᠵᠢᠭᠤᠯᠴᠢᠯᠠᠯ ᠢ ᠬᠥᠭᠵᠢᠭᠦᠯᠬᠦ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠨᠡᠶᠢᠯᠡᠮᠡᠯ ᠬᠦᠴᠦᠨ ᠢ ᠨᠢᠭᠲᠠᠷᠠᠭᠤᠯᠬᠤ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠠᠳᠬᠤᠨ᠎ᠠ᠃      3. ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠨ᠎ᠠ︾᠄ ᠲᠤᠬᠠᠶᠢᠯᠠᠪᠠᠯ᠂  ᠸᠧᠨᠴᠢᠣᠸᠠᠨ ᠤ ᠴᠠᠰᠤᠲᠤ ᠬᠤᠲᠠ ᠶᠢᠨ ᠠᠮᠠᠷᠠᠯᠲᠠ ᠶᠢᠨ ᠣᠷᠣᠨ ᠢᠶᠠᠷ ᠬᠥᠲᠥᠯᠥᠨ ᠳᠠᠭᠠᠭᠤᠯᠵᠤ᠂ ᠷᠠᠰᠢᠶᠠᠨ ᠴᠠᠢ ᠾᠧ ᠶᠢᠨ ᠦᠵᠡᠮᠵᠢ ᠶᠢᠨ ᠣᠷᠣᠨ᠂ ᠬᠢᠯᠢ ᠶᠢᠨ ᠪᠣᠭᠤᠮᠲᠠ ᠶᠢᠨ ᠦᠵᠡᠮᠵᠢ ᠶᠢᠨ ᠣᠷᠣᠨ᠂ ᠪᠠᠢ ᠯᠠᠩ ᠣᠶ ᠰᠢᠭᠤᠢ ᠶᠢᠨ ᠦᠵᠡᠮᠵᠢ ᠶᠢᠨ ᠣᠷᠣᠨ᠂ ᠣᠯᠠᠠᠪᠣᠷᠬᠠᠨ ᠦᠵᠡᠮᠵᠢ ᠶᠢᠨ ᠣᠷᠣᠨ᠂ ᠬᠤᠭᠤᠰᠤᠨᠵᠢᠯᠠᠭ᠎ᠠ ᠶᠢᠨ ᠦᠵᠡᠮᠵᠢ ᠶᠢᠨ ᠣᠷᠣᠨ ᠢᠶᠠᠷ ᠲᠤᠯᠭᠠᠭᠤᠷᠢᠯᠠᠭᠤᠯᠤᠨ᠎ᠠ᠃      4. ︽ᠲᠠᠪᠤᠨ ᠨᠠᠷᠠᠰᠤ︾ ᠶᠢᠨ ᠠᠵᠢᠯ ᠲᠥᠷᠥᠯ ᠤᠨ ᠦᠢᠯᠡᠴᠢᠯᠡᠭᠡᠨ ᠤ ᠪᠠᠷᠢᠮᠵᠢᠶ᠎ᠠ᠄ ᠳᠠᠷᠤᠢ ︽ᠲᠠᠪᠤᠨ ᠨᠠᠷᠠᠰᠤ︾ ᠶᠢᠨ ᠵᠢᠷᠤᠭ ᠳᠦᠷᠰᠦ ᠪᠠ ᠲᠤᠭ᠎ᠠ ᠬᠡᠮᠵᠢᠶ᠎ᠡ ᠪᠠᠷ ᠵᠢᠭᠤᠯᠴᠢᠯᠠᠯ ᠤᠨ ᠠᠮᠠᠷᠠᠯᠲᠠ ᠶᠢᠨ ᠣᠷᠣᠨ ᠳᠠᠬᠢ ᠬᠤᠭᠤᠯᠠ ᠤᠮᠳᠠ᠂ ᠬᠤᠨᠤᠭ ᠪᠠᠭᠤᠳᠠᠯ ᠵᠡᠷᠭᠡ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠤᠨ ᠵᠡᠷᠭᠡ ᠳᠡᠰ ᠢ ᠢᠯᠡᠳᠬᠡᠵᠦ᠂ ᠲᠠᠪᠤᠨ ᠲᠠᠰ ᠬᠤᠪᠢᠶᠠᠨ᠎ᠠ᠂ ᠨᠢᠭᠡ ᠰᠠᠭᠤᠷᠢ ᠨᠠᠷᠠᠰᠤ ᠶᠢ ᠬᠠᠮᠤᠭ ᠤᠨ ᠳᠣᠣᠷ᠎ᠠ ᠲᠠᠰ᠂ ᠲᠠᠪᠤᠨ ᠰᠠᠭᠤᠷᠢ ᠨᠠᠷᠠᠰᠤ ᠶᠢ ᠬᠠᠮᠤᠭ ᠤᠨ ᠥᠨᠳᠥᠷ ᠲᠠᠰ ᠭᠡᠨ᠎ᠡ᠃      5. ︽1+4+N︾ ᠵᠢᠭᠤᠯᠴᠢᠯᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮ᠄ ᠲᠤᠬᠠᠶᠢᠯᠠᠪᠠᠯ᠂ ᠨᠢᠭᠡᠳᠦᠭᠡᠷ ᠳᠡᠰ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠪ 1᠂ ᠬᠤᠶᠠᠳᠤᠭᠠᠷ ᠳᠡᠰ ᠤᠨ ᠵᠢᠭᠤᠯᠴᠢᠯᠠᠭᠴᠢᠳ ᠤᠨ ᠯᠠᠪᠯᠠᠯᠭ᠎ᠠ ᠶᠢᠨ ᠴᠡᠭ 4᠂ ᠭᠤᠷᠪᠠᠳᠤᠭᠠᠷ ᠳᠡᠰ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠴᠡᠭ N ᠪᠣᠶ᠃      6. ︽ᠷᠠᠰᠢᠶᠠᠨ ᠢᠶᠠᠷ ᠵᠢᠭᠤᠯᠴᠢᠯᠠᠬᠤ︾ ᠳᠤ ᠵᠠᠭᠠᠯᠳᠤᠯᠭ᠎ᠠ ᠬᠢᠪᠡᠯ ᠳᠠᠷᠤᠢ ᠳᠤ ᠲᠥᠯᠥᠬᠦ ᠶᠡᠷᠦᠩᠬᠡᠶᠢᠯᠡᠭᠰᠡᠨ ᠳᠠᠭᠠᠳᠬᠠᠯ᠄ ᠲᠤᠬᠠᠶᠢᠯᠠᠪᠠᠯ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠫᠢᠩ ᠠᠨ ᠳᠠᠭᠠᠳᠬᠠᠯ ᠤᠨ ᠺᠣᠮᠫᠠᠨᠢ ᠶᠢᠨ ᠬᠠᠮᠲᠤᠷᠠᠨ ᠭᠠᠷᠭᠠᠭᠰᠠᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ + ᠬᠡᠷᠡᠭᠯᠡᠭᠡᠨ ᠤ ᠵᠢᠭᠤᠷᠠᠯᠳᠤᠭᠠᠨ ᠤ ᠳᠠᠭᠠᠳᠬᠠᠯ ᠤᠨ ᠦᠢᠯᠡᠴᠢᠯᠡᠭᠡ ᠳᠤ᠂ ︽ᠤᠷᠢᠳᠠᠪᠠᠷ ᠣᠷᠣᠯᠠᠨ ᠥᠭᠴᠦ ᠳᠠᠷᠠᠭ᠎ᠠ ᠨᠢ ᠲᠥᠯᠥᠬᠦ᠂ ᠲᠦᠯᠦᠭᠰᠡᠨ ᠤ ᠳᠠᠷᠠᠭ᠎ᠠ ᠨᠢ ᠬᠠᠷᠢᠭᠤᠴᠠᠯᠭ᠎ᠠ ᠶᠢ ᠲᠣᠳᠣᠯᠠᠬᠤ᠂ ᠲᠥᠯᠥᠪᠦᠷᠢ ᠪᠠᠷ ᠳᠠᠭᠠᠳᠬᠠᠯ ᠢ ᠲᠡᠵᠢᠭᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠤᠯᠴᠢᠯᠠᠯ ᠳᠤ ᠬᠤᠯᠪᠣᠭᠳᠠᠭᠰᠠᠨ ᠬᠡᠷᠡᠭᠯᠡᠭᠡᠨ ᠤ ᠵᠢᠭᠤᠷᠠᠯᠳᠤᠭᠠᠨ ᠢ ᠲᠦᠷᠭᠡᠨ ᠰᠢᠢᠳᠪᠦᠷᠢᠯᠡᠵᠦ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠢᠭ ᠲᠤᠰᠠ ᠶᠢ ᠬᠦᠴᠦᠲᠡᠢ ᠪᠠᠲᠤᠯᠠᠨ᠎ᠠ᠃      7. ︽ᠯᠤ᠋ ᠰᠢᠶᠤᠤ ᠶᠢᠤ︾ ᠠᠮᠠᠷᠠᠯᠲᠠ ᠶᠢᠨ ᠬᠠᠮᠢᠶᠠᠷᠤᠭᠴᠢ᠄ ᠲᠤᠬᠠᠶᠢᠯᠠᠪᠠᠯ᠂ ᠠᠮᠠᠷᠠᠯᠲᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠪᠠᠶᠢᠭᠤᠯᠤᠭᠰᠠᠨ ᠰᠢᠯᠢᠳᠡᠭ ᠬᠠᠮᠢᠶᠠᠷᠤᠭᠴᠢ ᠶᠢᠨ ᠦᠢᠯᠡᠴᠢᠯᠡᠭᠡᠨ ᠤ ᠪᠦᠯᠬᠦᠮ ᠪᠣᠯᠣᠨ᠎ᠠ᠂ ᠦᠢᠯᠡᠴᠢᠯᠡᠭᠡᠨ ᠤ ᠬᠡᠪᠴᠢᠶ᠎ᠡ ᠳᠤ ᠵᠢᠭᠤᠯᠴᠢᠯᠠᠭᠴᠢᠳ ᠤᠨ ᠵᠣᠴᠢᠯᠠᠬᠤ᠂ ᠬᠤᠨᠣᠬᠤ᠂ ᠬᠤᠭᠤᠯᠠ ᠤᠮᠳᠠᠭᠠᠨ ᠤ ᠦᠢᠯᠡᠴᠢᠯᠡᠭᠡ᠂ ᠠᠶᠠᠨ ᠤ ᠶᠠᠪᠤᠴᠠ ᠶᠢ ᠵᠠᠬᠢᠶᠠᠯᠠᠬᠤ᠂ ᠵᠣᠴᠢᠨ ᠡᠷᠦᠬᠡ ᠶᠢ ᠬᠠᠯᠠᠮᠵᠢᠯᠠᠬᠤ ᠵᠡᠷᠭᠡ ᠠᠭᠤᠯᠭ᠎ᠠ ᠶᠢ ᠪᠠᠭᠲᠠᠭᠠᠵᠤ᠂ ᠵᠢᠭᠤᠯᠴᠢᠯᠠᠭᠴᠢᠳ ᠲᠤ ᠴᠢᠨᠠᠷ ᠰᠠᠶᠢᠲᠠᠢ᠂ ᠥᠪᠡᠷᠮᠢᠴᠡ᠂ ᠪᠥᠬᠦ ᠲᠠᠯ᠎ᠠ ᠶᠢᠨ ᠪᠠ ᠲᠣᠭᠲᠠᠭᠰᠠᠨ ᠠᠮᠠᠷᠠᠯᠲᠠ ᠶᠢᠨ ᠦᠢᠯᠡᠴᠢᠯᠡᠭᠡ ᠬᠠᠩᠭᠠᠵᠤ ᠴᠢᠳᠠᠨ᠎ᠠ᠃      8. ᠭᠤᠣᠯ ᠮᠥᠷᠡᠨ ︵ᠨᠠᠭᠤᠷ︶ ᠤ ᠳᠠᠷᠤᠭ᠎ᠠ ᠶᠢᠨ ᠳᠦᠷᠢᠮ᠄ ᠲᠤᠬᠠᠶᠢᠯᠠᠪᠠᠯ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠢᠶᠠᠷ ︽ᠭᠤᠣᠯ ᠮᠥᠷᠡᠨ ᠤ ᠳᠠᠷᠤᠭ᠎ᠠ︾ ᠶᠢᠨ ᠲᠤᠰᠢᠶᠠᠯ ᠢ ᠬᠠᠷᠢᠭᠤᠴᠠᠭᠤᠯᠵᠤ ᠂ ᠵᠣᠬᠢᠴᠠᠩᠭᠤᠢ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠳᠤᠷᠢᠳᠤᠭᠤᠯᠤᠨ᠎ᠠ᠃      9. ᠣᠶ ᠰᠢᠭᠤᠢ ︵ᠨᠣᠳᠤᠭ ᠪᠠᠯᠴᠢᠭᠡᠷ︶ ᠶᠢᠨ ᠳᠠᠷᠤᠭ᠎ᠠ ᠶᠢᠨ ᠳᠦᠷᠢᠮ᠄ ᠲᠤᠬᠠᠶᠢᠯᠠᠪᠠᠯ᠂ ︽ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠢᠶᠠᠷ ᠣᠶ ᠰᠢᠭᠤᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠪᠤᠰᠤᠳ ᠬᠠᠷᠢᠭᠤᠴᠠᠯᠭᠠᠲᠠᠨ ᠨᠥᠬᠦᠳ ᠢᠶᠠᠷ ᠣᠶ ᠰᠢᠭᠤᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ᠂ ᠲᠤᠰᠬᠠᠢ ᠣᠷᠣᠨ᠂ ᠰᠢᠶᠠᠨ᠂ ᠰᠢᠶᠠᠩ᠂ ᠲᠣᠰᠬᠤᠨ ᠲᠠᠪᠤᠨ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠰᠢᠰᠲ᠋ᠧᠮ ᠢ ᠪᠠᠶᠢᠭᠤᠯᠤᠨ᠂ ᠲᠣᠭᠤᠷᠢᠭ ︵ᠬᠡᠰᠡᠭ︶ ᠬᠤᠪᠢᠶᠠᠨ ᠬᠠᠷᠢᠭᠤᠴᠠᠬᠤ ᠶᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠷᠢᠶ᠎ᠠ ᠭᠠᠵᠠᠷ ᠢ ᠬᠠᠮᠠᠭᠠᠯᠠᠨ ᠬᠥᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃      10. ︽ᠯᠢᠩ ᠳ᠋ᠦᠩ ᠷᠠᠰᠢᠶᠠᠨ︾᠄ ᠲᠤᠬᠠᠶᠢᠯᠠᠪᠠᠯ᠂ ᠮᠣᠩᠭᠤᠯ ᠤᠯᠤᠰ ᠤᠨ ᠵᠡᠭᠡᠷ᠎ᠡ ᠷᠠᠰᠢᠶᠠᠨ ᠬᠤᠲᠠ ᠳᠤ ᠨᠡᠭᠦᠳᠡᠯᠯᠡᠵᠦ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ᠃      11. ︽ᠭᠤᠷᠪᠠᠨ ᠵᠦᠢᠯ ᠤᠨ ᠬᠠᠮᠤᠭ ᠤᠨ ᠰᠠᠶᠢᠨ︾᠄ ᠲᠤᠬᠠᠶᠢᠯᠠᠪᠠᠯ᠂ ᠢ ᠺᠧ ᠠᠮᠢᠳᠤ ᠪᠤᠯᠠᠭ ᠨᠢ 20 ᠳ᠋ᠤᠭᠠᠷ ᠬᠤᠭᠤᠴᠠᠭᠠᠨ ᠤ ᠳᠡᠯᠡᠬᠡᠢ ᠶᠢᠨ ᠤᠤᠭᠤᠬᠤ ᠤᠰᠤᠨ ᠤ ᠶᠡᠭᠡ ᠬᠤᠷᠠᠯ ᠳᠡᠭᠡᠷ᠎ᠡ ︽ᠬᠠᠮᠤᠭ ᠤᠨ ᠰᠠᠶᠢᠨ ᠮᠡᠷᠭᠡᠵᠢᠯ ᠤᠨ ᠰᠢᠨ᠎ᠡ ᠡᠭᠦᠳᠦᠯᠲᠡ︾ ︽ᠬᠠᠮᠤᠭ ᠤᠨ ᠰᠠᠶᠢᠨ ᠨᠠᠷᠠᠲᠤ ᠲᠥᠷᠥᠯ ᠲᠡᠮᠳᠡᠭᠲᠦ ᠶᠢᠨ ᠦᠷᠭᠡᠳᠭᠡᠯ︾ ︽ᠬᠠᠮᠤᠭ ᠤᠨ ᠰᠠᠶᠢᠨ ᠪᠣᠭᠤᠳᠠᠯ ᠪᠠᠭᠯᠠᠭ᠎ᠠ ᠪᠠ ᠱᠣᠰᠢᠭ᠎ᠠ ᠲᠡᠮᠳᠡᠭ ᠤᠨ ᠵᠢᠷᠤᠭ ᠲᠥᠯᠥᠪᠯᠡᠭᠡ︾ ᠶᠢᠨ ᠭᠤᠷᠪᠠᠨ ᠵᠦᠢᠯ ᠤᠨ ᠨᠡᠷ᠎ᠡ ᠳᠤᠷᠠᠳᠤᠯᠲᠠ ᠶᠢ ᠣᠯᠣᠭᠰᠠᠨ ᠪᠠᠶᠢᠨ᠎ᠠ᠃      12. ︽ᠳᠣᠯᠤᠭ᠎ᠠ ᠶᠢ ᠴᠡᠪᠡᠷᠯᠡᠬᠦ᠂ ᠭᠤᠷᠪᠠ ᠶᠢ ᠥᠭᠡᠷᠡᠴᠢᠯᠡᠬᠦ᠂ ᠭᠤᠷᠪᠠ ᠶᠢ ᠣᠳᠣᠬᠢᠴᠢᠯᠠᠬᠤ︾᠄ ᠲᠤᠬᠠᠶᠢᠯᠠᠪᠠᠯ᠂ ᠬᠤᠲᠠ ᠶᠢᠨ ᠲᠣᠭᠤᠷᠢᠭ ᠤᠨ ᠬᠤᠭ ᠨᠣᠪᠰᠢ ᠶᠢ ᠴᠡᠪᠡᠷᠯᠡᠬᠦ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠴᠡᠪᠡᠷᠯᠡᠬᠦ᠂ ᠲᠣᠭᠲᠠᠭᠠᠯ ᠠᠴᠠ ᠵᠥᠷᠢᠴᠡᠭᠰᠡᠨ ᠲᠡᠷᠭᠡ ᠬᠥᠰᠬᠡ ᠶᠢ ᠴᠡᠪᠡᠷᠯᠡᠬᠦ᠂ ᠡᠷᠦᠢ ᠬᠤᠷᠤᠢ ᠦᠭᠡᠢ ᠵᠠᠮ ᠱᠤᠭᠤᠮ ᠢ ᠴᠡᠪᠡᠷᠯᠡᠬᠦ᠂ ᠡᠪᠳᠡᠷᠬᠡᠢ ᠬᠠᠭᠤᠴᠢᠨ ᠫᠠᠶᠢᠰᠠ ᠢᠯᠡᠷᠬᠡᠶᠢᠯᠡᠯ ᠢ ᠴᠡᠪᠡᠷᠯᠡᠬᠦ᠂ ᠲᠣᠭᠲᠠᠭᠠᠯ   ᠠᠴᠠ ᠵᠥᠷᠢᠴᠡᠨ ᠳᠠᠷᠢᠵᠤ ᠲᠡᠵᠢᠭᠡᠬᠦ ᠶᠢ ᠴᠡᠪᠡᠷᠯᠡᠬᠦ᠂ ᠭᠠᠵᠠᠷ ᠰᠢᠷᠣᠢ ᠶᠢᠨ ᠡᠳ᠋ ᠬᠥᠷᠥᠩᠭᠡ ᠶᠢ ᠴᠡᠪᠡᠷᠯᠡᠬᠦ︔ ᠪᠠᠶᠢᠰᠢᠩ ᠭᠡᠷ ᠢ ᠰᠢᠨᠡᠳᠬᠡᠨ ᠵᠠᠰᠠᠬᠤ ᠠᠵᠢᠯ ᠢ ᠲᠦᠷᠭᠡᠳᠬᠡᠵᠦ᠂ ᠬᠠᠭᠤᠴᠢᠨ ᠬᠦᠷᠢᠶ᠎ᠡ ᠶᠢ ᠰᠢᠨᠡᠳᠬᠡᠨ ᠵᠠᠰᠠᠬᠤ ᠠᠵᠢᠯ ᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠲᠦᠷᠭᠡᠳᠬᠡᠨ᠎ᠡ︔ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢ ᠰᠠᠶᠢᠲᠤᠷ ᠬᠢᠵᠦ᠂ ᠬᠤᠲᠠ ᠶᠢᠨ ᠲᠣᠭᠤᠷᠢᠭ ᠤᠨ ᠭᠤᠶᠣᠵᠢᠭᠤᠯᠤᠯᠲᠠ ᠶᠢ ᠰᠠᠶᠢᠲᠤᠷ ᠬᠢᠵᠦ᠂ ᠬᠤᠲᠠ ᠶᠢᠨ ᠲᠣᠭᠤᠷᠢᠭ ᠤᠨ  ᠬᠡᠷᠡᠯᠳᠣᠬᠦᠯᠣᠯᠳᠡ ᠶᠢ ᠰᠠᠶᠢᠳᠣᠷ ᠬᠢᠨ᠎ᠠ᠃      13. ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ︾᠄ ᠲᠤᠬᠠᠶᠢᠯᠠᠪᠠᠯ᠂ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠵᠠᠰᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠶᠠᠪᠤᠳᠠᠯ ᠪᠣᠯᠣᠨ᠎ᠠ᠃      14. ︽ᠲᠠᠯᠪᠢᠬᠤ ᠬᠠᠮᠢᠶᠠᠷᠬᠤ ᠦᠢᠯᠡᠴᠢᠯᠡᠬᠦ︾᠄ ᠲᠤᠬᠠᠶᠢᠯᠠᠪᠠᠯ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠪᠣᠯᠣᠨ᠎ᠠ᠃ ︽ᠲᠠᠯᠪᠢᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ᠬᠠᠮᠢᠶᠠᠷᠬᠤ︾ ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ᠃ ︽ᠦᠢᠯᠡᠴᠢᠯᠡᠬᠦ︾ ᠭᠡᠳᠡᠭ ᠨᠢ ᠳᠠᠷᠤᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠬᠤ ᠶᠢ ᠬᠡᠯᠡᠨ᠎ᠡ᠃      15. ATA ᠬᠠᠭᠤᠳᠠᠰᠤ ᠪᠠᠷᠢᠮᠲᠠ ᠶᠢᠨ ᠳᠡᠪᠲᠡᠷ᠄ ᠲᠤᠬᠠᠶᠢᠯᠠᠪᠠᠯ᠂ ᠳᠡᠯᠡᠬᠡᠢ ᠶᠢᠨ ᠪᠣᠭᠤᠮᠲᠠ ᠶᠢᠨ ᠵᠣᠬᠢᠶᠠᠨ ᠪᠠᠶᠢᠭᠤᠯᠤᠯᠲᠠ ᠶᠢᠨ ᠬᠢᠯᠢ ᠪᠠᠷ ᠣᠷᠣᠭᠤᠯᠵᠤ ᠭᠠᠷᠭᠠᠬᠤ ᠶᠢ ᠲᠦᠷ ᠵᠥᠪᠰᠢᠶᠡᠷᠡᠬᠦ ᠶᠢᠨ ᠲᠥᠯᠥᠭᠡ ᠲᠤᠰᠬᠠᠶᠢᠯᠠᠨ ᠵᠣᠬᠢᠶᠠᠭᠰᠠᠨ ᠪᠠᠷᠠᠭᠠᠨ ᠤ ᠪᠣᠭᠤᠮᠲᠠ ᠪᠠᠷ ᠥᠩᠭᠡᠷᠡᠬᠦ ᠫᠠᠰᠫᠣᠷᠲ᠂ ᠪᠠᠷᠠᠭᠠᠨ ᠤ ATA ᠬᠠᠭᠤᠳᠠᠰᠤ ᠪᠠᠷᠢᠮᠲᠠ ᠶᠢᠨ ᠳᠡᠪᠲᠡᠷ ᠲᠤ ᠲᠦᠰᠢᠭᠯᠡᠨ ᠪᠣᠭᠤᠮᠲᠠ ᠪᠠᠷ ᠥᠩᠭᠡᠷᠡᠬᠦ ᠳᠡᠭᠡᠨ ᠪᠣᠭᠤᠮᠲᠠ ᠳᠤ ᠮᠡᠳᠡᠭᠦᠯᠬᠦ ᠪᠢᠴᠢᠭ ᠮᠠᠲ᠋ᠧᠷᠢᠶᠠᠯ ᠢ ᠥᠯᠥ ᠲᠠᠭᠯᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠭᠠᠶᠢᠯᠢ ᠥᠯᠥ ᠲᠤᠰᠢᠶᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠵᠥᠪᠰᠢᠶᠡᠷᠡᠯ ᠤᠨ ᠦᠨᠡᠮᠯᠡᠯ ᠥᠯᠥ ᠠᠪᠬᠤ ᠵᠡᠷᠭᠡ ᠲᠥᠬᠦᠮ ᠨᠥᠬᠦᠴᠡᠯ ᠢ ᠭᠥᠷᠳᠡᠵᠦ ᠪᠣᠯᠣᠨ᠎ᠠ᠃      16. ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ᠄ ᠲᠤᠬᠠᠶᠢᠯᠠᠪᠠᠯ᠂ ᠬᠢᠯᠢ ᠬᠢᠵᠠᠭᠠᠷ ᠣᠷᠣᠨ ᠤ ᠬᠢᠯᠢ ᠶᠢᠨ ᠠᠷᠠᠳ ᠤᠨ ᠮᠠᠨ ᠤ ᠤᠯᠤᠰ ᠤᠨ ᠬᠠᠭᠤᠷᠠᠢ ᠵᠠᠮ ᠤᠨ ᠬᠢᠯᠢ ᠬᠢᠵᠠᠭᠠᠷ ᠤᠨ ᠬᠤᠷᠢᠨ ᠺᠢᠯᠣᠮᠧᠲᠷ ᠤᠨ ᠳᠣᠲᠣᠷ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ᠨᠡᠭᠡᠭᠡᠯᠲᠡ ᠶᠢᠨ ᠴᠡᠭ ᠪᠤᠶᠤ ᠵᠢᠭᠠᠨ ᠲᠣᠭᠲᠠᠭᠠᠭᠰᠠᠨ ᠴᠤᠭᠯᠠᠭ᠎ᠠ ᠮᠠᠶᠢᠮᠠᠢ ᠳᠡᠭᠡᠷ᠎ᠡ᠂ ᠲᠣᠭᠲᠠᠭᠰᠠᠨ ᠵᠣᠭᠤᠰ ᠤᠨ ᠲᠤᠭ᠎ᠠ ᠪᠤᠶᠤ ᠲᠤᠭ᠎ᠠ ᠬᠡᠮᠵᠢᠶ᠎ᠡ ᠶᠢᠨ ᠬᠡᠪᠴᠢᠶᠡᠨ ᠠᠴᠠ ᠥᠯᠥ ᠬᠡᠲᠦᠷᠡᠬᠦ ᠲᠠᠸᠠᠷ ᠤᠨ ᠰᠣᠯᠢᠯᠴᠠᠭᠠᠨ ᠤ ᠠᠵᠢᠯᠯᠠᠭ᠎ᠠ ᠶᠠᠪᠤᠭᠳᠠᠭᠤᠯᠤᠨ᠎ᠠ᠃      17. ︽ᠬᠤᠶᠠᠷ ᠢ ᠬᠦᠩᠭᠡᠷᠡᠭᠦᠯᠬᠦ︾ ᠰᠤᠷᠭᠠᠨ ᠬᠥᠮᠦᠵᠢᠯ᠄ ᠲᠤᠬᠠᠶᠢᠯᠠᠪᠠᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      18. ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾᠄ ᠲᠤᠬᠠᠶᠢᠯᠠᠪᠠᠯ᠂ ᠦᠨᠳᠦᠰᠦᠨ ᠱᠠᠲᠤᠨ ᠤ ᠣᠯᠠᠨ ᠲᠦᠮᠡᠨ ᠤ ᠠᠩᠬᠠᠷᠴᠤ ᠪᠠᠶᠢᠭ᠎ᠠ ᠬᠡᠮᠵᠢᠶ᠎ᠡ ᠨᠢ ᠥᠨᠳᠥᠷ᠂ ᠠᠰᠢᠭ ᠭᠥᠷᠳᠡᠬᠦ ᠬᠡᠪᠴᠢᠶ᠎ᠡ ᠨᠢ ᠥᠷᠭᠡᠨ᠂ ᠣᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠪᠥᠭᠡᠳ ᠰᠢᠢᠳᠪᠦᠷᠢᠯᠡᠬᠦ ᠶᠢ ᠬᠠᠯᠠᠭᠤᠨ ᠢᠶᠠᠷ ᠬᠦᠰᠡᠵᠦ ᠪᠠᠶᠢᠭ᠎ᠠ ᠠᠷᠠᠳ ᠲᠤ ᠠᠰᠢᠭ ᠬᠦᠷᠲᠡᠭᠡᠬᠦ ᠤᠴᠢᠷ ᠶᠠᠪᠤᠳᠠᠯ ᠪᠣᠯᠣᠨ᠎ᠠ᠃      19. ︽1+3︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ᠄ ᠲᠤᠬᠠᠶᠢᠯᠠᠪᠠᠯ᠂ 1 ᠡᠷᠦᠬᠡ ᠨᠠᠰᠤᠲᠠᠶᠢᠴᠤᠳ ᠢ ᠪᠠᠯᠭᠠᠰᠤ ᠵᠡᠭᠡᠯᠢ ᠶᠢᠨ ᠲᠠᠰ ᠤᠨ 1 ᠤᠳᠤᠷᠢᠳᠤᠯᠭ᠎ᠠ + 1 ᠨᠡᠷᠡᠰ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠨ + 1 ᠨᠡᠷᠡᠰ ᠨᠠᠮ ᠤᠨ ᠭᠡᠰᠢᠭᠦᠨ ᠡᠷᠦᠬᠡ ︵ᠰᠠᠶᠢᠨ ᠳᠤᠷ᠎ᠠ ᠶᠢᠨ ᠠᠵᠢᠯᠯᠠᠭᠴᠢ ᠂ ᠬᠥᠷᠰᠢ ᠵᠡᠷᠭᠡᠯᠡᠳᠡᠭᠡ︶ ᠠᠴᠠ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠠᠶᠢᠯᠴᠢᠯᠠᠨ ᠲᠣᠬᠤᠨᠢᠭᠤᠯᠬᠤ᠂ ᠶᠠᠪᠤᠵᠤ ᠰᠠᠭᠤᠬᠤ ᠳᠤᠨᠢ ᠲᠤᠰᠠᠯᠠᠬᠤ ᠪᠠ ᠪᠠᠴᠢᠮ ᠪᠠᠶᠢᠳᠠᠯ ᠳᠤᠨᠢ ᠲᠤᠰᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃      20. ︽1+8︾ ᠡᠵᠡᠩᠨᠡᠯᠲᠡ ᠶᠢᠨ ᠬᠠᠮᠢᠶᠠᠷᠤᠯᠲᠠ ᠶᠢᠨ ᠰᠢᠰᠲ᠋ᠧᠮ᠄ ᠲᠤᠬᠠᠶᠢᠯᠠᠪᠠᠯ᠂ ᠬᠤᠲᠠ ᠶᠢᠨ ᠱᠠᠲᠤᠨ ᠤ ᠲᠣᠬᠢᠷᠠᠭᠤᠯᠤᠨ ᠵᠢᠯᠤᠭᠤᠳᠬᠤ ᠲᠥᠪ ᠢ 1 ᠪᠠᠶᠢᠭᠤᠯᠵᠤ᠂ ᠡᠯ᠎ᠡ ᠪᠠᠯᠭᠠᠰᠤ ᠵᠡᠭᠡᠯᠢ ᠳᠤ ᠦᠢᠯᠡᠴᠢᠯᠡᠭᠡ ᠶᠢ ᠳᠠᠭᠠᠵᠤ ᠭᠥᠯᠢᠶᠡᠨ ᠠᠪᠴᠤ ᠰᠢᠢᠳᠪᠦᠷᠢᠯᠡᠬᠦ 8 ᠲᠠᠪᠴᠠᠩ ᠢ ᠪᠠᠶᠢᠷᠢᠯᠠᠭᠤᠯᠤᠨ᠂ ᠲᠣᠮᠢᠯᠠᠬᠤ ᠲᠠᠩ ᠬᠡᠯᠪᠡᠷᠢ ᠶᠢᠨ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠣᠯᠠᠨ ᠲᠠᠯ᠎ᠠ ᠪᠠᠷ ᠤᠷᠲᠤᠳᠬᠠᠵᠤ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠲᠣᠰᠬᠤᠨ ︵ᠨᠡᠶᠢᠭᠡᠮ ᠲᠣᠭᠤᠷᠢᠭ︶ ᠳᠤ ᠣᠷᠣᠭᠤᠯᠬᠤ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ᠃      21.︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾᠄ ᠲᠤᠬᠠᠶᠢᠯᠠᠪᠠᠯ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠦᠳᠲᠡᠷ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ᠎ᠠ      22. ︽ᠵᠠᠭᠠᠯᠳᠤᠬᠤ ᠠᠴᠠ ᠡᠮᠦᠨ᠎ᠡ ᠤᠷᠢᠳ ᠢᠶᠠᠷ ᠰᠢᠢᠳᠪᠦᠷᠢᠯᠡᠬᠦ︾᠄ ᠲᠤᠬᠠᠶᠢᠯᠠᠪᠠᠯ᠂ ᠣᠯᠠᠨ ᠲᠦᠮᠡᠨ ᠪᠣᠳᠠᠲᠠᠢ ᠭᠤᠮᠣᠳᠠᠯ ᠱᠠᠭᠠᠷᠳᠠᠯᠭ᠎ᠠ ᠳᠤᠷᠠᠳᠬᠤ ᠠᠴᠠ ᠡᠮᠦᠨ᠎ᠡ᠂ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠠᠴᠠ ᠵᠠᠭᠠᠯᠳᠤᠯᠭ᠎ᠠ ᠭᠠᠷᠬᠤ ᠠᠴᠠ ᠵᠠᠶᠢᠯᠠᠰᠬᠢᠬᠦ‍ ᠨᠢᠭᠡ ᠵᠦᠢᠯ ᠤᠨ ᠠᠵᠢᠯ ᠤᠨ ᠲᠣᠭᠲᠠᠴᠠ ᠪᠣᠯᠣᠨ᠎ᠠ᠃      23. ︽ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ︾᠄ ᠲᠤᠬᠠᠶᠢᠯᠠᠪᠠᠯ᠂ ᠣᠷᠣᠯᠠᠨ ᠭᠦᠢᠴᠡᠳᠭᠡᠭᠴᠢ ᠵᠠᠬᠢᠳᠠᠯ ᠰᠣᠷᠪᠤᠯᠵᠢᠯᠠᠯ ᠤᠨ ᠣᠯᠠᠨ ᠲᠦᠮᠡᠨ ᠢ ᠬᠠᠪᠰᠤᠷᠴᠤ ᠬᠤᠯᠪᠣᠭᠳᠠᠯ ᠪᠦᠬᠦᠢ ᠠᠵᠢᠯ ᠶᠠᠪᠤᠳᠠᠯ ᠤᠨ ᠡᠷᠬᠡᠲᠦ ᠨᠢᠭᠡᠴᠢ ᠳᠤ ᠵᠠᠬᠢᠳᠠᠯ ᠰᠣᠷᠪᠤᠯᠵᠢᠯᠠᠯ ᠤᠨ ᠭᠤᠮᠣᠳᠠᠯ ᠱᠠᠭᠠᠷᠳᠠᠯᠭ᠎ᠠ ᠶᠢ ᠲᠤᠰᠬᠠᠨ᠂ ᠰᠢᠢᠳᠪᠦᠷᠢᠯᠡᠭᠰᠡᠨ ᠶᠠᠪᠤᠴᠠ ᠶᠢ ᠮᠥᠷᠳᠡᠵᠦ᠂ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠵᠤ᠂ ᠬᠥᠲᠥᠯᠥᠨ ᠵᠢᠯᠤᠭᠤᠳᠴᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠠᠶᠢᠲᠤᠷ ᠬᠢᠨ᠎ᠡ᠃      24. ︽12345 ᠠᠵᠢᠯ ᠤᠨ ᠠᠷᠭ᠎ᠠ︾᠄ ᠳᠠᠷᠤᠢ 1 ᠵᠠᠷᠴᠢᠮ᠂ ᠬᠠᠮᠤᠭ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠦᠢᠯᠡᠴᠢᠯᠡᠬᠦ ᠪᠠᠷ ᠵᠠᠷᠴᠢᠮ ᠪᠣᠯᠭᠠᠵᠤ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠭᠰᠠᠭᠠᠯ ᠤᠨ ᠭᠠᠵᠠᠷ ᠢ ᠤᠷᠤᠭᠰᠢ ᠰᠢᠯᠵᠢᠭᠦᠯᠵᠦ᠂ ᠣᠯᠠᠨ ᠲᠦᠮᠡᠨ ᠤ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ︔᡽ 2 ᠲᠠᠪᠴᠠᠩ᠂ ᠲᠣᠰᠬᠤᠨ ᠨᠡᠶᠢᠭᠡᠮ ᠲᠤᠭᠤᠷᠢᠭ ᠬᠠᠮᠲᠤᠷᠠᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠣᠰ ᠲᠠᠪᠴᠠᠩ ᠢ ᠪᠠᠶᠢᠭᠤᠯᠤᠨ᠎ᠠ︔ 3 ᠠᠯᠬᠤᠮ ᠤᠨ ᠠᠵᠢᠯ ᠤᠨ ᠠᠷᠭ᠎ᠠ᠂ ᠵᠠᠭᠠᠯᠳᠤᠬᠤ ᠠᠴᠠ ᠡᠮᠦᠨ᠎ᠡ ᠤᠷᠢᠳ ᠢᠶᠠᠷ ᠰᠢᠢᠳᠪᠦᠷᠢᠯᠡᠬᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠭᠤᠷᠪᠠᠨ ᠠᠯᠬᠤᠮ ᠢᠶᠠᠷ ᠶᠠᠪᠤᠬᠤ ᠠᠵᠢᠯ ᠤᠨ ᠵᠠᠭᠪᠤᠷ ᠢ ᠪᠣᠶ ᠪᠣᠯᠭᠠᠨ᠎ᠠ︔ 4 ᠵᠦᠢᠯ ᠤᠨ ᠠᠷᠭ᠎ᠠ᠂ ᠪᠢᠴᠢᠯ ᠲᠣᠣᠷᠵᠢᠯ᠂ ᠪᠢᠴᠢᠯ ᠬᠥᠲᠥᠯᠥᠮᠵᠢ᠂ ᠪᠢᠴᠢᠯ ᠵᠠᠰᠠᠯᠲᠠ ᠂ ᠪᠢᠴᠢᠯ ᠦᠢᠯᠡᠴᠢᠯᠡᠭᠡᠨ ᠤ ᠠᠵᠢᠯ ᠤᠨ ᠠᠷᠭ᠎ᠠ ᠶᠢ ᠰᠦᠪᠡᠭᠴᠢᠯᠡᠨ ᠬᠡᠷᠡᠭᠵᠢᠭᠦᠯᠦᠨ᠎ᠡ︔ 5 ᠡᠩᠨᠡᠭᠡ᠂ ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠵᠥᠪᠯᠡᠭᠴᠢ᠂ ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ᠂ ᠲᠤᠷᠰᠢᠯᠭ᠎ᠠ ᠲᠠᠢ ᠤᠯᠠᠨ ᠲᠦᠮᠡᠨ ᠨᠡᠶᠢᠳᠡ 5 ᠡᠩᠨᠡᠭᠡ ᠪᠠᠷ ᠵᠥᠷᠢᠴᠡᠯ ᠢ ᠴᠤᠭᠯᠠᠭᠤᠯᠵᠤ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠨ᠎ᠠ᠃      25. ︽ᠷᠠᠰᠢᠶᠠᠨᠳᠤ ᠬᠤᠲᠠ ᠶᠢᠨ ᠣᠷᠣᠯᠠᠨ ᠭᠦᠢᠴᠡᠳᠬᠡᠬᠦ ᠨᠠᠷᠠᠲᠤ ᠲᠡᠮᠳᠡᠭ︾᠄ ᠲᠤᠬᠠᠶᠢᠯᠠᠪᠠᠯ᠂ ᠵᠠᠬᠢᠳᠠᠯ᠂ ᠰᠣᠷᠪᠤᠯᠵᠢᠯᠠᠯ᠂ ᠰᠦᠯᠵᠢᠶ᠎ᠡ᠂ ᠴᠠᠬᠢᠯᠭᠠᠨ ᠮᠡᠳᠡᠭᠡ ᠵᠡᠷᠭᠡ ᠠᠷᠭ᠎ᠠ ᠵᠠᠮ ᠢᠶᠠᠷ ᠲᠤᠰᠬᠠᠭᠰᠠᠨ ᠪᠠ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠡᠯ᠎ᠡ ᠲᠥᠷᠥᠯ ᠤᠨ ᠠᠩᠬᠠᠨ ᠤ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠡᠯ᠎ᠡ ᠱᠠᠲᠤᠨ ᠤ ᠲᠤᠰᠬᠠᠢ ︵ᠲᠤᠰᠢᠶᠠᠯ ᠬᠠᠪᠰᠤᠷᠭᠠᠭᠰᠠᠨ︶ ᠣᠷᠣᠯᠠᠨ ᠭᠦᠢᠴᠡᠳᠭᠡᠭᠴᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠶᠢᠳᠠᠯ ᠪᠠ ᠭᠤᠮᠣᠳᠠᠯ ᠱᠠᠭᠠᠷᠳᠠᠯᠭ᠎ᠠ ᠶᠢ ᠣᠷᠣᠯᠠᠨ ᠲᠤᠰᠬᠠᠵᠤ᠂ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠴᠤ᠂ ᠵᠠᠬᠢᠳᠠᠯ ᠰᠣᠷᠪᠤᠯᠵᠢᠯᠠᠯ ᠬᠢᠭᠰᠡᠳ ᠢ ᠬᠠᠪᠰᠤᠷᠤᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠵᠣᠬᠢᠰᠲᠠᠢ ᠰᠢᠢᠳᠪᠦᠷᠢᠯᠡᠬᠦ ᠦᠢᠯᠡᠴᠢᠯᠡᠭᠡ  ᠶᠢ ᠪᠤᠶ ᠪᠣᠯᠭᠠᠨ᠎ᠠ᠃      26. ︽ᠹᠧᠩᠴᠢᠶᠤᠤ ᠶᠢᠨ ᠲᠤᠷᠰᠢᠯᠭ᠎ᠠ︾᠄ ᠳᠠᠷᠤᠢ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ ᠶᠢᠨ ᠵᠦᠵᠢ ᠬᠤᠲᠠ ᠶᠢᠨ ᠹᠧᠩᠴᠢᠶᠤᠤ ᠪᠠᠯᠭᠠᠰᠤᠨ ᠤ ᠺᠠᠳ᠋ᠷ ᠣᠯᠠᠨ ᠲᠦᠮᠡᠨ ᠤ ᠡᠭᠦᠳᠦᠨ ᠪᠦᠲᠦᠭᠡᠭᠰᠡᠨ ︽ᠣᠯᠠᠨ ᠲᠦᠮᠡᠨ ᠢ ᠳᠠᠶᠢᠴᠢᠯᠠᠨ ᠲᠦᠰᠢᠭᠯᠡᠵᠦ᠂ ᠵᠥᠷᠢᠴᠡᠯ ᠵᠢᠭᠤᠷᠠᠯᠳᠤᠭᠠᠨ ᠤ ᠬᠡᠷᠡᠭ ᠢ ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠬᠥᠮᠥᠨ ᠢ ᠴᠥᠭᠡᠨ ᠪᠠᠷᠢᠪᠴᠢᠯᠠᠵᠤ᠂ ᠠᠮᠤᠷ ᠢ ᠬᠠᠮᠠᠭᠠᠯᠠᠬᠤ︾ ᠶᠢ ᠪᠡᠶᠡᠯᠡᠭᠦᠯᠬᠦ ᠬᠠᠮᠢᠶᠠᠷᠤᠯᠲᠠ ᠶᠢᠨ ᠠᠷᠭ᠎ᠠ ᠬᠡᠯᠪᠡᠷᠢ ᠪᠣᠯᠣᠨ᠎ᠠ᠃      27. ︽ᠫᠦᠵᠢᠶᠠᠩ ᠤᠨ ᠲᠤᠷᠰᠢᠯᠭ᠎ᠠ︾᠄ ᠲᠤᠬᠠᠶᠢᠯᠠᠪᠠᠯ ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠥᠪᠡᠷ ᠤᠨ ᠪᠡᠶ᠎ᠡ ᠪᠠᠷ ᠢᠶᠠᠨ ᠰᠠᠨᠠᠭᠠᠴᠢᠯᠠᠵᠤ᠂ ᠥᠪᠡᠷ ᠤᠨ ᠪᠡᠶ᠎ᠡ ᠪᠠᠷ ᠢᠶᠠᠨ ᠲᠥᠯᠥᠪᠯᠡᠵᠦ᠂ ᠥᠪᠡᠷ ᠤᠨ ᠪᠡᠶ᠎ᠡ ᠪᠠᠷ ᠢᠶᠠᠨ ᠳᠣᠷᠣᠭᠰᠢ ᠪᠠᠭᠤᠵᠤ ᠤᠯᠠᠨ ᠲᠦᠮᠡᠨ ᠢ ᠬᠦᠯᠢᠶᠡᠨ ᠠᠪᠴᠤ ᠵᠣᠴᠢᠯᠠᠭᠰᠠᠨ ᠰᠠᠶᠢᠨ ᠠᠷᠭ᠎ᠠ ᠰᠠᠶᠢᠨ ᠲᠤᠷᠰᠢᠯᠭ᠎ᠠ ᠪᠤᠯᠤᠨ᠎ᠠ᠃ ᠮᠥᠨ ᠴᠦ ᠨᠢᠭᠡ ᠯᠡ ᠳᠡᠭᠡᠷ᠎ᠡ ᠤᠯᠠᠨ ᠵᠦᠢᠯ ᠢ ᠪᠦᠲᠦᠭᠡᠬᠦ ᠠᠰᠢᠭᠲᠠᠢ ᠡᠭᠦᠳᠦᠯᠲᠡ ᠮᠥᠨ᠃      28. ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾᠄ ᠲᠤᠬᠠᠶᠢᠯᠠᠪᠠᠯ᠂ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠢᠨ᠎ᠡ ᠪᠠᠷ ᠡᠭᠦᠳᠦᠨ ᠬᠥᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠢ ᠬᠠᠮᠠᠭᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠠᠮᠤᠷ ᠢ ᠬᠠᠮᠠᠭᠠᠯᠠᠭᠴᠢ᠂ ᠲᠤᠤᠷᠵᠢᠭᠤᠯᠤᠭᠴᠢ᠂ ᠰᠢᠤᠳᠡᠨ ᠬᠦᠷᠭᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠠᠮᠤᠷ ᠲᠦᠪᠰᠢᠨ ᠤ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠣᠯᠠᠨ ᠲᠦᠮᠡᠨ ᠤ ᠠᠮᠤᠷ ᠢ ᠬᠠᠮᠠᠭᠠᠯᠠᠬᠤ ᠬᠦᠴᠦᠨ ᠢ ᠨᠢᠭᠡᠳᠭᠡᠨ ᠲᠦᠯᠦᠪᠯᠡᠵᠦ ᠵᠣᠬᠢᠶᠠᠨ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ᠂ ᠶᠡᠭᠡ ᠬᠡᠪᠴᠢᠶᠡᠨ ᠤ᠂ ᠠᠵᠢᠯ ᠲᠥᠷᠥᠯ ᠠᠯᠤᠰᠯᠠᠭᠰᠠᠨ ᠣᠯᠠᠨ ᠲᠦᠮᠡᠨ ᠤ ᠰᠡᠷᠭᠡᠶᠢᠯᠡᠨ ᠵᠠᠰᠠᠬᠤ ᠵᠣᠬᠢᠶᠠᠨ ᠪᠠᠶᠢᠭᠤᠯᠤᠯᠲᠠ ᠪᠤᠯᠤᠨ᠎ᠠ᠃      29. ︽ᠵᠢᠷᠭᠤᠭᠠᠨ ᠢᠨᠵᠧᠨᠧᠷᠢᠩ︾᠄ ᠲᠤᠬᠠᠶᠢᠯᠠᠪᠠᠯ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠯᠠᠭᠤᠨ ᠳᠤᠯᠠᠭᠠᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ᠎ᠠ᠃      30. ︽ᠨᠢᠭᠡ ᠮᠠᠰᠢᠨ ᠢᠶᠠᠷ ᠵᠢᠭᠤᠯᠴᠢᠯᠠᠬᠤ︾ ᠵᠢᠵᠢᠭ ᠫᠷᠣᠭ᠍ᠷᠠᠮ᠄ ᠲᠤᠬᠠᠶᠢᠯᠠᠪᠠᠯ᠂ ᠨᠢᠭᠡ ᠭᠠᠷ ᠤᠲᠠᠰᠤ ᠪᠠᠷ ᠷᠠᠰᠢᠶᠠᠨ ᠢᠶᠠᠷ ᠵᠤᠭᠠᠴᠠᠬᠤ ᠳᠤ᠂ ᠷᠠᠰᠢᠶᠠᠨ ᠤ ᠵᠢᠭᠤᠯᠴᠢᠯᠠᠯ ᠠᠮᠠᠷᠠᠯᠲᠠ ᠶᠢᠨ ᠣᠷᠣᠨ ᠤ ᠸᠢᠴᠠᠲ ᠤᠨ ᠵᠢᠵᠢᠭ ᠫᠷᠣᠭ᠍ᠷᠠᠮ ᠢᠶᠠᠷ ᠳᠠᠮᠵᠢᠭᠤᠯᠤᠨ᠂ ᠵᠢᠭᠤᠯᠴᠢᠯᠠᠯ ᠤᠨ ᠮᠡᠳᠡᠭᠡ ᠵᠠᠩᠭᠢ᠂ ᠪᠢᠯᠧᠲ ᠤᠨ ᠵᠠᠬᠢᠶᠠᠯᠠᠭ᠎ᠠ᠂ ᠵᠠᠮ ᠬᠠᠷᠢᠯᠴᠠᠭᠠᠨ ᠤ ᠵᠠᠮᠴᠢᠯᠠᠯ ᠵᠡᠷᠭᠡ ᠦᠢᠯᠡᠴᠢᠯᠡᠭᠡᠨ ᠤ ᠴᠢᠳᠠᠮᠵᠢ ᠶᠢ ᠬᠠᠩᠭᠠᠵᠤ᠂ ᠵᠢᠭᠤᠯᠴᠢᠯᠠᠭᠴᠢᠳ ᠵᠢᠴᠢ ᠲᠣᠰ ᠭᠠᠵᠠᠷ ᠤᠨ ᠰᠠᠭᠤᠭᠠᠯᠢ ᠠᠷᠠᠳ ᠲᠤ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃      31. ︽ᠬᠤᠶᠠᠷ ᠢ ᠪᠠᠲᠤᠯᠠᠬᠤ︾ ᠬᠠᠮᠢᠶᠠᠷᠤᠯᠲᠠ ᠶᠢᠨ ᠲᠣᠭᠲᠠᠴᠠ᠄ ᠲᠤᠬᠠᠶᠢᠯᠠᠪᠠᠯ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠪᠠ ᠴᠢᠨᠠᠷ ᠰᠠᠶᠢᠲᠠᠢ ᠦᠢᠯᠡᠴᠢᠯᠡᠭᠡᠨ ᠤ ᠳᠠᠪᠬᠤᠷ ᠪᠠᠲᠤᠯᠠᠭ᠎ᠠ ᠶᠢᠨ ᠠᠵᠢᠯ ᠢ ᠥᠷᠨᠢᠭᠦᠯᠦᠨ᠎ᠡ᠃      32.︽ᠭᠤᠷᠪᠠᠨ ᠱᠤᠭᠤᠮ ᠨᠢᠭᠡ ᠬᠠᠭᠤᠳᠠᠰᠤ︾᠄ ᠲᠤᠬᠠᠶᠢᠯᠠᠪᠠᠯ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠣᠯᠣᠨ ᠠᠮᠢ ᠠᠬᠤᠢ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠳᠠᠩᠰᠠ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠣᠨ᠎ᠠ᠃      33. ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠄ ᠲᠤᠬᠠᠶᠢᠯᠠᠪᠠᠯ ᠳᠤᠮᠳᠠᠳᠤ ᠤᠯᠤᠰ ᠤᠨ ᠤᠮᠠᠷᠠᠲᠤ ᠶᠢᠨ ᠭᠤᠷᠪᠠᠨ ᠣᠷᠣᠨ ︵ᠪᠠᠷᠠᠭᠤᠨ ᠬᠤᠶᠢᠲᠤ᠂ ᠤᠮᠠᠷᠠᠲᠤ ᠣᠷᠣᠨ ᠪᠠ ᠵᠡᠭᠦᠨ ᠬᠤᠶᠢᠲᠤ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠵᠣᠬᠢᠶᠠᠮᠠᠯ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠬᠡᠯᠡᠵᠦ ᠪᠠᠶᠢᠨ᠎ᠠ᠃ ᠢᠨᠵᠧᠨᠧᠷᠢᠩ ᠢ 1978 ᠣᠨ ᠠᠴᠠ ᠡᠬᠢᠯᠡᠭᠦᠯᠵᠦ᠂ ᠲᠥᠯᠦᠪᠵᠢᠭᠦᠯᠭᠡ ᠶᠢ ᠨᠠᠢᠮᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ 2021 ᠣᠨ ᠠᠴᠠ 2030 ᠣᠨ ᠪᠤᠯ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠣᠯᠣᠨ᠎ᠠ᠃      34. ︽ᠲᠤᠷ᠎ᠠ ᠪᠠᠷ ᠦᠢᠯᠡᠳᠬᠦ ᠲᠦᠷᠪᠡ ᠶᠢ ᠴᠡᠪᠡᠷᠯᠡᠬᠦ︾᠄ ᠳᠠᠷᠤᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠵᠢᠯᠯᠠᠭ᠎ᠠ ᠶᠢ ᠴᠡᠪᠡᠷᠯᠡᠨ᠎ᠡ᠃      35. ︽ᠨᠣᠭᠤᠭᠠᠨ ᠪᠠᠮᠪᠠᠢ︾᠄ ᠲᠤᠬᠠᠶᠢᠯᠠᠪᠠᠯ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠲᠣᠭᠲᠠᠭᠠᠯ   ᠠᠴᠠ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      36.︽ᠬᠤᠶᠠᠷ ᠠᠭᠤᠯᠠ︾᠄ ᠳᠠᠷᠤᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾᠂ ᠲᠡᠭᠦᠨ ᠤ ᠭᠤᠣᠯ ᠦᠵᠡᠯ ᠰᠠᠨᠠᠭ᠎ᠠ ᠪᠣᠯ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠬᠦ ᠶᠠᠪᠤᠳᠠᠯ ᠪᠣᠯᠣᠨ᠎ᠠ᠃ ᠡᠭᠦᠨ ᠤ ᠵᠣᠷᠢᠯᠭ᠎ᠠ ᠪᠣᠯ ︽ᠨᠣᠭᠤᠭᠠᠷᠠᠭᠤᠯᠬᠤ︾ ᠪᠠᠷ ᠡᠩ ᠲᠡᠷᠢᠭᠦᠨ ᠳᠤ ︽ᠪᠠᠶᠠᠵᠢᠭᠤᠯᠬᠤ︾ ᠶᠢ ᠲᠠᠶᠢᠴᠢᠯᠠᠵᠤ᠂ ᠡᠭᠦᠨ ᠤ ᠤᠯᠠᠮ ᠠᠴᠠ ᠬᠦᠴᠦᠷᠬᠡᠭᠵᠢᠬᠦ ᠶᠢ ᠲᠦᠷᠭᠡᠪᠴᠢᠯᠡᠨ ᠪᠡᠶᠡᠯᠡᠭᠦᠯᠬᠦ ᠶᠢᠨ ᠲᠥᠯᠥᠭᠡ ᠶᠤᠮ᠃      37. ︽ᠠᠩᠬᠢᠯᠤᠮ᠎ᠠ ᠴᠡᠴᠡᠭᠳᠦ ᠵᠢᠵᠢᠭ ᠬᠤᠲᠠ︾᠄ ᠲᠤᠬᠠᠶᠢᠯᠠᠪᠠᠯ᠂ ᠸᠧᠨᠴᠢᠣᠸᠠᠨ ᠵᠡᠭᠡᠯᠢ ᠪᠠᠷ ᠭᠤᠣᠯ ᠲᠡᠩᠭᠡᠯᠢᠭ ᠪᠣᠯᠭᠠᠵᠤ᠂ ᠭᠤᠣᠯᠳᠠᠯᠭ᠎ᠠ ᠲᠠᠢ ᠪᠠᠶᠢᠭᠤᠯᠬᠤ ᠬᠡᠪᠴᠢᠶᠡᠨ ᠳᠠᠬᠢ ︽ᠪᠠᠷᠢᠯᠭ᠎ᠠ ᠶᠢᠨ ᠪᠣᠰᠤᠭ᠎ᠠ ᠲᠠᠯ᠎ᠠ︾᠂ ︽ᠬᠤᠲᠠ ᠶᠢᠨ ᠶᠠᠪᠤᠳᠠᠯ ᠤᠨ ᠵᠠᠮ︾᠂ ︽ᠬᠤᠳᠠᠯᠳᠤᠭᠠᠨ ᠤ ᠳᠡᠯᠭᠡᠭᠦᠷ︾᠂ ︽ᠬᠦᠷᠢᠶ᠎ᠡ ᠬᠠᠰᠢᠶ᠎ᠠ ᠵᠡᠭᠡᠯᠢ ᠭᠤᠳᠤᠮᠵᠢ︾ ᠵᠡᠷᠭᠡ ᠳᠥᠷᠪᠡᠨ ᠳᠠᠪᠬᠤᠷᠭ᠎ᠠ ᠶᠢ ᠭᠦᠨᠵᠡᠭᠡᠶᠢᠷᠡᠭᠦᠯᠦᠨ ᠰᠢᠢᠳᠪᠦᠷᠢᠯᠡᠵᠦ᠂ ᠠᠩᠬᠢᠯᠤᠮ᠎ᠠ ᠴᠡᠴᠡᠭᠳᠦ ᠵᠢᠵᠢᠭ ᠪᠠᠯᠭᠠᠰᠤᠨ ᠤ ︽ᠴᠡᠴᠡᠭ ᠤᠨ ᠠᠩᠬᠢᠯᠤᠮ᠎ᠠ︾ ᠠᠭᠤᠷ ᠠᠮᠢᠰᠬᠤᠯ ᠪᠠ ᠥᠩᠭᠡ ᠦᠵᠡᠮᠵᠢ ᠶᠢᠨ ᠣᠨᠴᠠᠯᠢᠭ ᠢ ᠨᠡᠮᠡᠭᠳᠡᠭᠦᠯᠦᠨ᠂ ᠪᠠᠷᠢᠯᠭ᠎ᠠ ᠶᠢᠨ ᠭᠠᠳᠠᠷ ᠳᠦᠷᠰᠦ ᠪᠠᠶᠢᠳᠠᠯ ᠢ ᠨᠠᠩ ᠭᠠᠵᠠᠷ ᠣᠷᠣᠨ ᠤ ᠢᠯᠭᠠᠨ ᠲᠠᠨᠢᠬᠤ ᠬᠡᠮᠵᠢᠶ᠎ᠡ ᠪᠠ ᠬᠠᠯᠠᠭᠤᠨ ᠳᠤᠯᠠᠭᠠᠨ ᠷᠣᠮᠠᠨᠲ᠋ᠢᠭ ᠨᠤᠲᠤᠭ ᠤᠨ ᠴᠡᠴᠡᠭ ᠤᠨ ᠦᠨᠦᠷ ᠠᠮᠲᠠ ᠲᠠᠢ ᠪᠣᠯᠭᠠᠨ᠎ᠠ᠃      38. ︽ᠭᠤᠷᠪᠠᠨ ᠬᠦᠴᠦᠨ ᠢ ᠬᠠᠮᠲᠤ ᠪᠠᠷ ᠬᠠᠮᠢᠶᠠᠷᠬᠤ︾᠄ ᠲᠤᠬᠠᠶᠢᠯᠠᠪᠠᠯ᠂ ᠨᠠᠮ ᠤᠨ ᠭᠡᠰᠢᠭᠦᠨ᠂ ᠲᠤᠤᠷᠵᠢᠭᠤᠯᠤᠭᠴᠢ᠂ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠠᠰᠠᠷ ᠪᠣᠯᠭᠠᠨ ᠳᠤ ︽ᠨᠡᠶᠢᠭᠡᠮ ᠲᠣᠭᠤᠷᠢᠭ + ᠠᠵᠢᠯ ᠦᠢᠯᠡᠰ ᠤᠨ ᠵᠥᠪᠯᠡᠯ + ᠰᠠᠶᠢᠨ ᠳᠤᠷ᠎ᠠ ᠶᠢᠨ ᠠᠵᠢᠯᠯᠠᠭᠴᠢ︾ ᠪᠠᠷ ᠪᠦᠷᠢᠯᠳᠦᠭᠰᠡᠨ ︽ᠬᠤᠪᠢᠰᠬᠠᠯᠲᠤ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠨᠠᠮ ᠤᠨ ᠪᠠᠶᠢᠭᠤᠯᠤᠯᠲᠠ ᠶᠢᠨ ᠡᠩᠨᠡᠭᠡ ᠶᠢ ᠪᠠᠶᠢᠭᠤᠯᠵᠤ᠂ ︽ᠨᠠᠮ ᠤᠨ ᠭᠡᠰᠢᠭᠦᠨ ᠬᠦᠴᠦ ᠨᠡᠮᠡᠷᠢᠯᠡᠬᠦ᠂ ᠣᠯᠠᠨ ᠲᠦᠮᠡᠨ ᠬᠦᠴᠦ ᠭᠠᠷᠭᠠᠬᠤ᠂ ᠡᠳ᠋ ᠤᠨ ᠵᠠᠰᠠᠭ ᠠᠴᠠ ᠱᠠᠩᠨᠠᠬᠤ︾ ᠪᠠᠷ ᠵᠠᠷᠴᠢᠮ ᠪᠣᠯᠭᠠᠨ᠂ ᠡᠯ᠎ᠡ ᠬᠦᠴᠦᠨ ᠰᠣᠯᠪᠢᠴᠠᠨ ᠲᠤᠰᠢᠶᠠᠯ ᠬᠠᠷᠢᠭᠤᠴᠠᠵᠤ᠂ ᠵᠣᠬᠢᠶᠠᠨ ᠪᠠᠶᠢᠭᠤᠯᠵᠤ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠪᠣᠳᠠᠲᠤ ᠶᠠᠪᠤᠳᠠᠯ ᠢ ᠬᠠᠮᠲᠤ ᠪᠠᠷ ᠬᠢᠬᠦ ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠦᠨ᠎ᠡ᠃      39. ︽ᠮᠢᠩᠭᠠᠨ ᠲᠦᠮᠡᠨ ᠢᠨᠵᠧᠨᠧᠷᠢᠩ ︾᠄ ᠲᠤᠬᠠᠶᠢᠯᠠᠪᠠᠯ᠂ ᠰᠢ ᠶᠢᠨ ᠫᠢᠩ ᠶᠡᠷᠦᠩᠬᠡᠢ ᠱᠦᠵᠢ ᠶᠢᠨ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠂ ᠭᠤᠣᠯ ᠠᠭᠤᠯᠭ᠎ᠠ  ᠨᠢ ᠪᠦᠬᠦ ᠮᠤᠵᠢ ᠪᠠᠷ ᠢᠶᠠᠨ ᠲᠦᠮᠡ ᠣᠷᠴᠢᠮ ᠵᠠᠰᠠᠭ ᠵᠠᠬᠢᠷᠭᠠᠨ ᠤ ᠲᠣᠰᠬᠤᠨ ᠢ ᠰᠣᠩᠭᠤᠨ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠡᠭᠦᠨ ᠤ ᠳᠣᠲᠣᠷᠠᠬᠢ 1000 ᠣᠷᠴᠢᠮ ᠤᠨ ᠭᠤᠣᠯ ᠲᠣᠰᠬᠤᠨ ᠢ ᠪᠦᠬᠦ ᠲᠠᠯ᠎ᠠ ᠪᠠᠷ ᠴᠢᠨᠡᠭᠡᠯᠢᠭᠵᠢᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠦᠲᠦᠭᠡᠨ ᠪᠠᠶᠢᠭᠤᠯᠬᠤ ᠳᠤ᠂ ᠤᠷᠢᠳ ᠬᠤᠵᠢᠳ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠪᠦᠬᠦ ᠲᠠᠯ᠎ᠠ ᠪᠠᠷ ᠠᠬᠢᠭᠤᠯᠬᠤ᠂ ᠭᠦᠨᠵᠡᠭᠡᠶᠢᠷᠡᠭᠦᠯᠦᠨ ᠳᠡᠭᠡᠭᠰᠢᠯᠡᠭᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠦᠷᠪᠡᠨ ᠱᠠᠲᠤ ᠦᠶ᠎ᠡ ᠶᠢ ᠥᠩᠭᠡᠷᠡᠭᠡᠵᠦ᠂ ᠵᠧᠵᠢᠶᠠᠩ ᠤᠨ ᠲᠦᠭ ᠲᠦᠮᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ᠲᠦᠭ ᠲᠦᠮᠡᠨ ᠲᠠᠷᠢᠶᠠᠴᠢᠨ ᠲᠦᠮᠡᠨ ᠳᠤ ᠪᠤᠶᠠᠨ ᠦᠢᠯᠡᠳᠴᠦ᠂ 2018 ᠣᠨ ᠤ 9 ᠰᠠᠷ᠎ᠠ ᠶᠢᠨ 26  ᠤ ᠡᠳᠦᠷ᠂ ︽ᠮᠢᠩᠭᠠᠨ ᠲᠦᠮᠡᠨ ᠢᠨᠵᠧᠨᠧᠷᠢᠩ︾ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠳᠡᠯᠡᠬᠡᠢ ᠶᠢᠨ ᠪᠥᠮᠪᠥᠷᠴᠡᠭ ᠤᠨ ᠬᠠᠮᠠᠭᠠᠯᠠᠭᠴᠢ ᠶᠢᠨ ᠱᠠᠩᠨᠠᠯ︾  ᠢ ᠬᠦᠷᠲᠡᠵᠡᠢ᠃      40᠂ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾᠄ ᠲᠤᠬᠠᠶᠢᠯᠠᠪᠠᠯ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢ 10 ᠣᠷᠴᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ 100 ᠣᠷᠴᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 1000 ᠣᠷᠴᠢᠮ ᠡᠭᠦᠳᠦᠨ ᠪᠠᠶᠢᠭᠤᠯᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠱᠠᠲᠤ ᠬᠤᠪᠢᠶᠠᠨ ᠠᠬᠢᠭᠤᠯᠤᠨ᠎ᠠ᠃      41. ︽ᡁᠢ ᡁᠢ ᠲᠥᠩ︾᠄ ᠲᠤᠬᠠᠶᠢᠯᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠠᠴᠠ ᠰᠠᠭᠤᠭ᠎ᠠ ᠭᠠᠵᠠᠷ ᠤᠨ ᠰᠠᠭᠤᠷᠢᠨ ᠭᠠᠵᠠᠷ ᠤᠨ ᠠᠭᠠᠷ ᠤᠨ ᠠᠶᠠᠯᠠᠯ ᠤᠨ ᠺᠣᠮᠫᠠᠨᠢ ᠶᠢ ᠵᠣᠬᠢᠴᠠᠭᠤᠯᠤᠨ ᠪᠣᠳᠠᠲᠠᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠱᠤᠭᠤᠮ ᠤᠨ ᠲᠣᠣᠷ ᠢ ᠨᠢᠭᠲᠠ ᠰᠦᠯᠵᠢᠬᠦ ᠪᠠᠷ ᠳᠠᠮᠵᠢᠭᠤᠯᠤᠨ᠂ ᠠᠶᠢᠮᠠᠭ ᠬᠤᠲᠠ   ᠠᠴᠠ ᠠᠶᠢᠮᠠᠭ ᠬᠤᠲᠠ ᠬᠦᠷᠬᠦ ᠵᠣᠩᠬᠢᠯᠠᠬᠤ ᠣᠯᠠᠨ ᠲᠣᠭᠠᠨ ᠤ ᠠᠶᠠᠨᠴᠢᠳ ᠢ ᠨᠢᠰᠬᠡᠯ ᠢᠶᠠᠷ ᠵᠣᠷᠢᠭᠰᠠᠨ ᠭᠠᠵᠠᠷ ᠲᠤᠨᠢ ᠰᠢᠭᠤᠳ ᠬᠦᠷᠭᠡᠵᠦ᠂ ᠠᠶᠢᠮᠠᠭ ᠬᠤᠲᠠ ᠶᠢᠨ ᠬᠤᠭᠤᠷᠣᠨᠳᠣᠬᠢ ᠠᠭᠠᠷ ᠤᠨ ᠠᠶᠠᠯᠠᠯ ᠤᠨ ᠱᠤᠭᠤᠮ ᠦᠭᠡᠢ ᠡᠭᠡᠯᠵᠢ ᠶᠢᠨ ᠨᠢᠰᠬᠡᠯ ᠪᠤᠶᠤ  ᠬᠥᠬᠡᠬᠤᠲᠠ ᠠᠴᠠ ︽ᠪᠤᠴᠠᠵᠤ ᠨᠢᠰᠬᠦ︾ ᠠᠰᠠᠭᠤᠳᠠᠯ ᠢ ᠰᠢᠢᠳᠪᠦᠷᠢᠯᠡᠨ᠎ᠡ᠃      42. ︽ᠳᠡᠯᠭᠡᠭᠦᠷ ᠤᠨ ᠰᠢᠶᠣᠣ ᠡᠯ︾᠄ ᠲᠤᠬᠠᠶᠢᠯᠠᠪᠠᠯ ᠳᠡᠯᠭᠡᠭᠦᠷ ᠤᠨ ᠰᠢᠶᠣᠣ ᠡᠯ ᠤᠨ ᠵᠣᠷᠢᠭ ᠰᠠᠨᠠᠭ᠎ᠠ ᠶᠢ ᠬᠠᠮᠤᠭ ᠤᠨ ᠡᠷᠲᠡ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠠᠴᠠ ᠳᠤᠷᠠᠳᠤᠨ ᠭᠠᠷᠭᠠᠭᠰᠠᠨ ᠶᠤᠮ᠂ ᠲᠡᠭᠦᠨ ᠤ ᠠᠭᠤᠯᠤᠭᠳᠠᠬᠤᠨ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠥᠪᠡᠷ ᠤᠨ ᠳᠡᠯᠭᠡᠭᠦᠷ ᠲᠠᠢ ᠪᠠᠨ ᠠᠳᠠᠯᠢ ᠪᠠᠷ ᠠᠵᠤ ᠠᠬᠤᠶᠢᠯᠠᠯ ᠵᠢᠴᠢ ᠦᠨᠳᠦᠰᠦᠨ ᠱᠠᠲᠤᠨ ᠳᠤ ᠢᠳᠡᠪᠬᠢᠲᠡᠢ ᠪᠠᠷ ᠦᠢᠯᠡᠴᠢᠯᠡᠬᠦ ᠪᠠ ᠲᠡᠭᠦᠨ ᠢ ᠳᠡᠮᠵᠢᠬᠦ ᠳᠤ ᠪᠦᠷᠢᠨ ᠭᠦᠢᠴᠡᠳ ᠦᠢᠯᠡᠴᠢᠯᠡᠭᠡ ᠪᠠ ᠰᠢᠢᠳᠪᠦᠷᠢᠯᠡᠬᠦ ᠲᠥᠰᠥᠯ ᠬᠠᠩᠭᠠᠵᠤ᠂ ᠰᠠᠶᠢᠨ ᠰᠠᠶᠢᠬᠠᠨ ᠵᠠᠰᠠᠭ ᠬᠤᠳᠠᠯᠳᠤᠭ᠎ᠠ ᠪᠠ ᠬᠤᠳᠠᠯᠳᠤᠭ᠎ᠠ ᠡᠷᠬᠢᠯᠡᠬᠦ ᠬᠠᠷᠢᠴᠠᠭ᠎ᠠ ᠶᠢ ᠠᠬᠢᠭᠤᠯᠬᠤ ᠬᠡᠷᠡᠭᠲᠡᠢ ᠪᠠᠶᠢᠬᠤ ᠶᠢ ᠵᠢᠭᠠᠵᠤ ᠪᠠᠶᠢᠨ᠎ᠠ᠃ ᠡᠨᠡ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠥᠪᠡᠷ ᠤᠨ ᠳᠡᠯᠭᠡᠭᠦᠷ ᠲᠡᠭᠡᠨ ᠬᠠᠨᠳᠤᠬᠤ ᠲᠠᠢ ᠠᠳᠠᠯᠢ ᠪᠠᠷ ᠠᠵᠤ ᠠᠬᠤᠶᠢᠯᠠᠯ ᠵᠢᠴᠢ ᠦᠨᠳᠦᠰᠦᠨ ᠱᠠᠲᠤᠨ ᠳᠤ ᠢᠳᠡᠪᠬᠢᠲᠡᠢ ᠪᠠᠷ ᠦᠢᠯᠡᠴᠢᠯᠡᠬᠦ ᠪᠠ ᠲᠡᠭᠦᠨ ᠢ ᠳᠡᠮᠵᠢᠬᠦ ᠶᠢᠨ ᠲᠥᠯᠥᠭᠡ ᠶᠤᠮ᠃      43.︽ᠠᠷᠪᠠᠨ ᠪᠣᠯᠬᠤ ᠦᠭᠡᠢ︾᠄ ᠲᠤᠬᠠᠶᠢᠯᠠᠪᠠᠯ ᠪᠣᠭᠤᠮᠢᠯᠠᠬᠤ ᠦᠭᠡᠢ ᠠᠪᠬᠤ ᠦᠭᠡᠢ᠂ ᠲᠦᠯᠬᠢᠬᠦ ᠦᠭᠡᠢ ᠤᠳᠠᠭᠠᠰᠢᠷᠠᠭᠤᠯᠬᠤ ᠦᠭᠡᠢ᠂ ᠮᠡᠬᠡᠯᠡᠬᠦ ᠦᠭᠡᠢ ᠨᠢᠭᠤᠬᠤ ᠦᠭᠡᠢ᠂ ᠲᠦᠢᠪᠡᠭᠡᠬᠦ ᠦᠭᠡᠢ ᠪᠤᠬᠢᠨᠢᠳᠤᠬᠤ ᠦᠭᠡᠢ᠂ ᠳᠤᠷ᠎ᠠ ᠪᠠᠷ ᠨᠢ ᠲᠠᠯᠪᠢᠬᠤ ᠦᠭᠡᠢ ᠥᠮᠥᠭᠯᠡᠬᠦ ᠦᠭᠡᠢ ᠪᠠᠶᠢᠨ᠎ᠠ᠃      44. ︽ᠤᠯᠠᠭᠠᠨ ᠬᠠᠷ᠎ᠠ ᠨᠡᠷᠡᠰ ᠤᠨ ᠵᠢᠭᠰᠠᠭᠠᠯᠲᠠ︾ ᠶᠢᠨ ᠰᠢᠯᠭᠠᠨ ᠬᠢᠨᠠᠬᠤ ᠳᠦᠷᠢᠮ᠄ ᠲᠤᠬᠠᠶᠢᠯᠠᠪᠠᠯ᠂ ᠡᠯ᠎ᠡ ᠨᠢᠭᠡᠴᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠢ ᠰᠢᠯᠢᠳᠡᠭᠵᠢᠭᠦᠯᠬᠦ ᠳᠤ ᠴᠢᠭᠯᠡᠭᠦᠯᠦᠨ᠂ ᠱᠠᠩᠨᠠᠵᠤ ᠲᠣᠷᠭᠠᠬᠤ ᠳᠦᠷᠢᠮ ᠢᠶᠠᠷ ᠭᠤᠣᠯᠳᠠᠯᠭ᠎ᠠ ᠪᠣᠯᠭᠠᠭᠰᠠᠨ ᠨᠢᠭᠡ ᠵᠦᠢᠯ ᠤᠨ ᠤᠷᠮᠠᠰᠢᠭᠤᠯᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃      45. ︽ᠲᠠᠪᠤᠨ ᠶᠡᠭᠡ ᠠᠵᠤ ᠦᠢᠯᠡᠰ ᠤᠨ ᠬᠡᠯᠬᠢᠶ᠎ᠡ︾᠄ ᠲᠤᠬᠠᠶᠢᠯᠠᠪᠠᠯ᠂ ᠷᠠᠰᠢᠶᠠᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠤ ᠦᠢᠯᠡᠰ ᠤᠨ ᠬᠡᠯᠬᠢᠶ᠎ᠡ᠂ ᠨᠠᠷᠮᠠᠢ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠠᠵᠤ ᠦᠢᠯᠡᠰ ᠤᠨ ᠬᠡᠯᠬᠢᠶ᠎ᠡ᠂ ᠣᠶ ᠶᠢᠨ ᠬᠤᠷᠮᠣᠢ ᠶᠢᠨ ᠠᠵᠤ ᠠᠬᠤᠢ ᠶᠢᠨ ᠬᠥᠭᠵᠢᠯᠲᠡ ᠶᠢᠨ ᠠᠵᠤ ᠦᠢᠯᠡᠰ ᠤᠨ ᠬᠡᠯᠬᠢᠶ᠎ᠡ᠂ ᠸᠧᠨᠴᠢᠣᠸᠠᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠤ ᠦᠢᠯᠡᠰ ᠤᠨ ᠬᠡᠯᠬᠢᠶ᠎ᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠤ ᠦᠢᠯᠡᠰ ᠤᠨ ᠬᠡᠯᠬᠢᠶ᠎ᠡ ᠪᠣᠯᠣᠨ᠎ᠠ᠃      46. ︽ᠪᠡᠭᠡᠵᠢᠩ ᠤᠨ ᠵᠢᠷᠭᠤᠭᠠᠨ ᠨᠠᠷᠠᠲᠤ ᠲᠡᠮᠳᠡᠭ︾᠄ ᠲᠤᠬᠠᠶᠢᠯᠠᠪᠠᠯ᠂ ᠬᠢᠩᠭᠠᠨ ᠠᠶᠢᠮᠠᠭ ᠨᠢ ᠪᠡᠭᠡᠵᠢᠩ ᠬᠤᠲᠠ ᠶᠢᠨ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠵᠢᠭᠤᠯᠴᠢᠯᠠᠯ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠢᠷᠭᠤᠭᠠᠨ ᠲᠠᠯ᠎ᠠ ᠲᠠᠢ ᠬᠠᠮᠵᠢᠯᠴᠠᠨ᠎ᠠ᠃      47. ︽ᠭᠤᠷᠪᠠ ᠶᠢ ᠨᠢᠭᠡ ᠴᠣᠭᠴᠠᠵᠢᠭᠤᠯᠬᠤ︾ ᠪᠣᠭᠤᠮᠲᠠ᠄ ᠲᠤᠬᠠᠶᠢᠯᠠᠪᠠᠯ᠂ ᠠᠮᠤ ᠪᠤᠳᠠᠭ᠎ᠠ ᠡᠪᠡᠰᠦ ᠪᠣᠷᠳᠤᠭ᠎ᠠ ᠶᠢ ᠭᠠᠳᠠᠭᠠᠳᠤ ᠠᠴᠠ ᠣᠷᠣᠭᠤᠯᠬᠤ᠂ ᠬᠢᠯᠢ ᠠᠯᠤᠰᠯᠠᠭᠰᠠᠨ ᠵᠢᠭᠤᠯᠴᠢᠯᠠᠯ᠂ ᠬᠢᠯᠢ ᠶᠢᠨ ᠠᠷᠠᠯᠵᠢᠶ᠎ᠠ ᠶᠢᠨ ᠬᠥᠭᠵᠢᠯᠲᠡ ᠶᠢᠨ ᠵᠠᠭᠪᠤᠷ ᠪᠣᠯᠣᠨ᠎ᠠ᠃      48. ︽ᠬᠤᠶᠠᠷ ᠬᠤᠲᠠ ᠳᠤ ᠬᠤᠶᠠᠷ ᠲᠤᠷᠰᠢᠯᠲᠠ ᠬᠢᠬᠦ︾᠄ ᠲᠤᠬᠠᠶᠢᠯᠠᠪᠠᠯ᠂ ᠤᠯᠠᠭᠠᠨᠬᠤᠲᠠ᠂ ᠷᠠᠰᠢᠶᠠᠨ ᠬᠤᠲᠠ ᠶᠢ ᠬᠤᠷᠢᠮ ᠤᠨ ᠵᠠᠩᠰᠢᠯ ᠤᠨ ᠥᠭᠡᠷᠡᠴᠢᠯᠡᠯᠲᠡ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠪᠣᠯᠭᠠᠨ᠎ᠠ᠃      49. ︽ᠲᠦᠷᠪᠡᠨ ᠬᠢᠯᠢ ᠶᠢᠨ ᠢᠨᠵᠧᠨᠧᠷᠢᠩ︾᠄ ᠲᠤᠬᠠᠶᠢᠯᠠᠪᠠᠯ ᠰᠠᠭᠤᠷᠢ ᠪᠠᠷ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠣᠷᠣᠨ ᠢ ᠬᠥᠭᠵᠢᠭᠦᠯᠬᠦ᠂ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠬᠤ ᠶᠢ ᠪᠠᠲᠤᠯᠠᠬᠤ᠂ ᠪᠦᠯᠬᠦᠮᠳᠡᠨ ᠨᠢᠭᠡᠳᠴᠦ ᠬᠢᠯᠢ ᠬᠢᠵᠠᠭᠠᠷ ᠣᠷᠣᠨ ᠢ ᠬᠠᠮᠠᠭᠠᠯᠠᠬᠤ ᠲᠦᠷᠪᠡᠨ ᠵᠦᠢᠯ ᠤᠨ ᠢᠨᠵᠧᠨᠧᠷᠢᠩ᠃      50᠂ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾᠄ ᠲᠤᠬᠠᠶᠢᠯᠠᠪᠠᠯ᠂ ᠬᠢᠩᠭᠠᠨ ᠠᠶᠢᠮᠠᠭ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠬᠢᠩᠭᠠᠨ ᠠᠶᠢᠮᠠᠭ ᠤᠨ ᠣᠨᠴᠠᠯᠢᠭ ᠲᠠᠢ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠨ ᠪᠠᠶᠢᠭᠤᠯᠤᠨ᠎ᠠ᠃      51. ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠭᠡᠬᠦ︾᠄ ᠲᠤᠬᠠᠶᠢᠯᠠᠪᠠᠯ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠢ᠃      52. ︽ᠤᠯᠤᠰ ᠲᠦᠷᠤ ᠶᠢᠨ ᠭᠤᠷᠪᠠᠨ ᠴᠢᠳᠠᠪᠬᠢ︾᠄ ᠲᠤᠬᠠᠶᠢᠯᠠᠪᠠᠯ ᠤᠯᠤᠰ ᠲᠦᠷᠤ ᠶᠢᠨ ᠮᠠᠭᠠᠳᠯᠠᠬᠤ ᠴᠢᠳᠠᠪᠬᠢ᠂ ᠤᠯᠤᠰ ᠲᠦᠷᠤ ᠶᠢᠨ ᠤᠶᠢᠯᠠᠭᠠᠬᠤ ᠴᠢᠳᠠᠪᠬᠢ᠂ ᠤᠯᠤᠰ ᠲᠦᠷᠤ ᠶᠢᠨ ᠬᠡᠷᠡᠭᠵᠢᠭᠦᠯᠬᠦ ᠴᠢᠳᠠᠪᠬᠢ ᠪᠣᠯᠣᠨ᠎ᠠ      53. ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠄ ᠲᠤᠬᠠᠶᠢᠯᠠᠪᠠᠯ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠪᠣᠯᠣᠨ᠎ᠠ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号