ᠰᠢᠨ ᠴᠧᠩ ᠵᠡᠭᠡᠯᠢ ᠠᠵᠢᠯ ᠠᠴᠠ ᠪᠠᠨ ᠠᠮᠠᠷᠡᠬᠰᠠᠨ ᠨᠠᠮ ᠤᠨ ᠬᠡᠰᠢᠬᠦᠣᠨ ᠢ ᠵᠣᠬᠢᠶᠠᠨ ᠪᠠᠶᠢᠭᠤᠯᠵᠤ ᠲᠤᠰᠬᠠᠢ ᠰᠡᠳᠦᠪᠳᠣ ᠰᠤᠳᠤᠯᠤᠨ ᠰᠣᠷᠣᠯᠴᠠᠬᠤ ᠬᠤᠷᠠᠯ  ᠬᠤᠷᠡᠯᠳᠣᠭᠤᠯᠵᠡᠢ
ᠨᠡᠶᠢᠲᠡᠯᠡᠭᠰᠡᠨ ᠴᠠᠭ᠄
2024/3/8
     ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠠᠢ ᠪᠥᠭᠡᠳ ᠭᠦᠨᠵᠡᠭᠡᠶᠢᠷᠡᠬᠦᠯᠬᠦ ᠶᠢ ᠲᠦᠯᠬᠢᠨ ᠠᠬᠢᠭᠤᠯᠣᠨ᠂ ᠠᠵᠢᠯ ᠠᠴᠠ ᠪᠠᠨ ᠠᠮᠠᠷᠡᠬᠰᠠᠨ ᠨᠠᠮ ᠤᠨ ᠬᠡᠰᠢᠬᠦᠨ ᠤ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ ᠶᠢ ᠬᠥᠲᠥᠯᠥᠨ ᠵᠢᠯᠤᠭᠤᠳᠴᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠭᠦᠨᠵᠡᠭᠡᠢ ᠣᠶᠢᠯᠠᠭᠠᠨ ᠡᠵᠡᠮᠰᠢᠭᠦᠯᠬᠦ ᠶᠢᠨ ᠲᠤᠰᠠᠳᠠ᠂ ᠣᠶᠢᠷ᠎ᠠ ᠳᠤ᠂ ᠰᠢᠨ ᠴᠧᠩ ᠵᠡᠭᠡᠯᠢ ᠶᠢᠨ ᠠᠵᠢᠯ ᠠᠴᠠ ᠪᠠᠨ ᠠᠮᠠᠷᠡᠬᠰᠠᠨ ᠨᠠᠮ ᠤᠨ ᠬᠡᠰᠢᠬᠦᠣᠨ ᠢ ᠵᠣᠬᠢᠶᠠᠨ ᠪᠠᠶᠢᠭᠤᠯᠵᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ ︾ ᠲᠤᠰᠬᠠᠢ ᠰᠡᠳᠦᠪᠳᠣ ᠰᠤᠳᠤᠯᠤᠨ ᠰᠣᠷᠣᠯᠴᠠᠬᠤ ᠬᠤᠷᠠᠯ ᠬᠤᠷᠠᠯᠳᠤᠭᠤᠯᠵᠡᠢ᠃      ᠬᠤᠷᠠᠯ ᠳᠡᠭᠡᠷ᠎ᠡ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠭᠡᠬᠦ ᠤᠩᠰᠢᠬᠤ ᠪᠢᠴᠢᠭ ᠢ ᠲᠥᠪᠯᠡᠷᠡᠭᠦᠯᠦᠨ ᠰᠤᠷᠤᠯᠴᠠᠵᠤ᠂ ᠪᠦᠬᠦ ᠨᠠᠮ ᠤᠨ ᠭᠡᠰᠢᠭᠦᠳ ︽ᠵᠢᠷᠭᠤᠭᠠᠨ ᠥᠭᠦᠯᠡᠪᠦᠷᠢ ᠶᠢᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠥᠪᠡᠷ ᠤᠨ ᠲᠥᠷᠥᠭᠳᠡᠯ ᠢᠶᠠᠷ ᠢᠶᠠᠨ ᠳᠡᠰ ᠳᠠᠷᠠᠭ᠎ᠠ ᠲᠠᠢ ᠪᠠᠷ ᠰᠤᠳᠤᠯᠤᠨ ᠶᠠᠷᠢᠯᠴᠠᠵᠡᠢ᠃      ᠲᠤᠰ ᠤᠳᠠᠭᠠᠨ ᠤ ᠲᠤᠰᠬᠠᠢ ᠰᠡᠳᠦᠪᠲᠦ ᠰᠤᠳᠤᠯᠤᠨ ᠰᠣᠷᠣᠯᠴᠠᠬᠤ ᠬᠤᠷᠠᠯ ᠢᠶᠠᠷ ᠳᠡᠮᠵᠢᠨ᠂ ᠠᠵᠢᠯ ᠠᠴᠠ  ᠪᠠᠨ ᠠᠮᠠᠷᠡᠬᠰᠠᠨ ᠨᠠᠮ ᠤᠨ ᠬᠡᠰᠢᠬᠦᠣᠨ ︽ᠵᠢᠷᠭᠤᠭᠠᠨ ᠥᠭᠦᠯᠡᠪᠦᠷᠢ   ᠶᠢᠨ ᠪᠣᠳᠠᠲᠤ ᠬᠡᠷᠡᠭ ᠪᠠ ᠶᠣᠰᠣ ᠤᠴᠢᠷ︾ ᠲᠤ ᠠᠭᠤᠯᠤᠭᠳᠠᠵᠤ ᠪᠠᠶᠢᠭ᠎ᠠ ᠪᠠᠶᠠᠯᠢᠭ ᠠᠭᠤᠯᠬᠤᠨ   ᠢ ᠨᠡᠩ ᠲᠣᠳᠣᠷᠬᠠᠢ ᠲᠠᠨᠢᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠬᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠪᠡ᠃ ᠳᠠᠷᠠᠭᠠᠴᠢ ᠶᠢᠨ ᠠᠯᠬᠤᠮ ᠳᠤ᠂ ᠰᠢᠨ ᠴᠧᠩ ᠵᠡᠭᠡᠯᠢ ᠶᠢᠨ ᠠᠵᠢᠯ ᠠᠴᠠ ᠪᠠᠨ ᠠᠮᠠᠷᠠᠭᠰᠠᠨ ᠨᠠᠮ ᠤᠨ ᠬᠡᠰᠢᠬᠦᠣᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠣᠨ᠂  ᠨᠠᠮ ᠤᠨ ᠦᠭᠡ ᠶᠢ ᠰᠣᠨᠣᠰᠴᠤ᠂ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠷᠠᠰᠢᠶᠠᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ︽ᠪᠤᠭᠤᠷᠤᠯᠴᠤᠳ ᠤᠨ ᠬᠦᠴᠦᠨ ᠴᠢᠳᠠᠯ︾ ᠢᠶᠠᠨ ᠨᠡᠮᠡᠷᠢᠯᠡᠨ᠎ᠡ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号