ᠰᠢᠨ᠎ᠠ ᠴᠠᠭ ᠤᠨ ᠡᠮᠡᠭᠳᠡᠶᠢᠴᠣᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2024/3/8
      ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠬᠢᠨ ︽ᠨᠠᠮ ᠢᠶᠠᠨ ᠳᠠᠭᠠᠵᠤ ᠰᠢᠨ᠎ᠡ ᠠᠶᠠᠨ ᠵᠠᠮ ᠳᠠᠭᠠᠨ ᠡᠷᠡᠰ ᠤᠷᠤᠭᠰᠢᠯᠠᠨ᠎ᠠ  · ᠬᠢᠩᠭᠠᠨ ᠤ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠣᠶ᠎ᠠ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ 114 ᠳ᠋ᠣᠭᠡᠷ ︽3 · 8︾ ᠤ ᠡᠮᠡᠭᠲᠡᠶᠢᠴᠦᠳ ᠤᠨ ᠪᠠᠶᠠᠷ ᠢ ᠬᠠᠮᠲᠤ ᠪᠠᠷ ᠪᠡᠯᠭᠡᠯᠡᠵᠦ᠂  ᠦᠢ ᠲᠦᠮᠡᠨ ︽ᠬᠠᠭᠠᠰ  ᠲᠣᠯᠭᠠᠭᠤᠷᠢ︾ ᠳᠤ ᠬᠦᠨᠳᠦᠳᠬᠡᠯ ᠳᠡᠪᠰᠢᠭᠦᠯᠥᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ︽ᠠᠮᠤᠷ ᠠᠮᠤᠭᠤᠯᠠᠩ ᠡᠵᠢ︾᠂ ᠡᠮᠡᠭᠲᠡᠢ ᠰᠠᠶᠢᠨ ᠳᠤᠷ᠎ᠠ ᠶᠢᠨ  ᠣᠶᠢᠯᠡᠴᠢᠯᠡᠭᠴᠢ᠂ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ᠂ ᠨᠠᠮ ᠤᠨ ᠭᠡᠰᠢᠭᠦᠨ ᠤ ᠲᠥᠯᠥᠭᠡᠯᠡᠭᠴᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠬᠠᠤᠯᠢ ᠴᠠᠭᠠᠵᠠ ᠶᠢᠨ ᠵᠥᠪᠯᠡᠭᠴᠢ ᠵᠡᠷᠭᠡ ᠡᠮᠡᠭᠲᠡᠢ ᠲᠥᠯᠥᠭᠡᠯᠡᠭᠴᠢ ᠶᠢ ᠤᠷᠢᠵᠠᠢ᠃      ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ ᠡᠮᠡᠭᠲᠡᠶᠢᠴᠦᠳ   ᠤᠨ ᠶᠠᠷᠢᠯᠴᠠᠭ᠎ᠠ ︱ ᠡᠮᠡᠭᠲᠡᠶᠢᠴᠦᠳ ᠤᠨ ᠲᠥᠯᠥᠭᠡᠯᠡᠭᠴᠢ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢᠨ ᠲᠤᠬᠠᠢ ᠶᠠᠷᠢᠯᠴᠠᠵᠠᠭᠠᠨ᠎ᠠ᠃      ᠶᠠᠷᠢᠯᠴᠠᠬᠤ ᠬᠤᠷᠠᠯ ᠳᠡᠭᠡᠷ᠎ᠡ᠂ ᠡᠮᠡᠭᠲᠡᠢ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠬᠤ ᠳᠤ ᠮᠠ ᠠᠨᠢᠶ᠎ᠠ᠄ ︽ᠣᠶᠢᠷ᠎ᠠ ᠶᠢᠨ ᠵᠢᠯ ᠤᠳ ᠲᠠᠬᠢ ᠷᠠᠰᠢᠶᠠᠨ ᠬᠤᠳᠡᠨ ᠤ ᠬᠤᠪᠢᠷᠠᠯᠲᠠ ᠶᠢ ᠡᠷᠭᠢᠴᠡᠭᠦᠯᠣᠨ᠎ᠠ᠃ ᠤᠤᠯ ᠤᠨ ᠰᠢᠷᠣᠢ ᠶᠢᠨ ᠵᠠᠮ᠂ ᠵᠠᠮ ᠴᠥᠭᠡᠨ᠂ ᠤᠴᠢᠷ ᠶᠠᠪᠤᠳᠠᠯ ᠬᠦᠢᠴᠡᠳᠭᠡᠬᠦ ᠳᠤ ᠳᠥᠭᠦᠮ ᠦᠭᠡᠢ᠂ ᠰᠠᠯᠠᠭ᠎ᠠ ᠮᠥᠴᠢᠷ ᠢ ᠡᠷᠢᠬᠦ ᠳᠤ ᠬᠦᠴᠢᠷ ᠪᠠᠶᠢᠭᠰᠠᠨ ᠠᠴᠠ ᠤᠳᠤ ᠶᠢᠨ ᠵᠠᠮ ᠲᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠠᠷᠠᠳ ᠲᠤ ᠲᠦᠬᠦᠮ ᠦᠵᠡᠭᠦᠯᠬᠦ ᠨᠢᠭᠡ ᠯᠡ ᠥᠷᠲᠡᠭᠡᠨ ᠮᠠᠶ᠋ᠢᠭ ᠤᠨ ᠦᠢᠯᠡᠴᠢᠯᠡᠭᠡᠨ ᠤ ᠴᠣᠩᠬᠤᠪᠴᠢ  ᠭᠠᠷᠭᠠᠵᠣ ᠶᠠᠪᠣᠳᠡᠯ ᠬᠦᠢᠴᠡᠳᠭᠡᠬᠦ ᠳᠤ ᠲᠦᠬᠦᠮ ᠪᠣᠯᠤᠭᠰᠠᠨ ᠪᠠᠶᠢᠨ᠎ᠠ᠃ ᠡᠳᠡᠭᠡᠷ ᠨᠢ ᠴᠥᠮ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢᠨ ᠳᠣᠣᠷ᠎ᠠ᠂ ᠣᠷᠣᠨ  ᠰᠠᠭᠤᠴᠠ  ᠨᠢ ᠭᠤᠶᠤ ᠰᠠᠶᠢᠬᠠᠨ᠂ ᠠᠮᠢᠳᠤᠷᠠᠯ ᠪᠠᠶᠠᠨ ᠴᠢᠨᠡᠭᠡᠯᠢᠭ ᠪᠣᠯᠵᠤ᠂ ᠠᠶᠢᠯ ᠰᠠᠭᠠᠬᠠᠯᠳ᠋ᠨ ᠪᠠᠷ ᠢᠶᠠᠨ ᠡᠶ᠎ᠡ  ᠨᠠᠶᠢᠷᠳᠡᠢ ᠪᠣᠯᠤᠭᠰᠠᠨ ᠪᠠᠶᠢᠨ᠎ᠠ︾ ᠭᠡᠵᠦ ᠬᠡᠯᠡᠪᠡ᠃      ︽ ᠡᠵᠢ ᠶᠢᠨ ᠮᠢᠨᠢ ᠨᠢᠳᠣᠨ ᠳᠤ ᠨᠢᠯᠪᠤᠰᠤ ᠮᠠᠯᠳᠡᠭᠡᠨᠠᠨ᠎ᠠ  ︾ —— ᠭᠡᠷ ᠪᠦᠯᠢ ᠶᠢᠨ ᠬᠦᠮᠣᠵᠢᠯ ᠢᠶᠠᠷ ᠰᠠᠳᠬᠢᠯ ᠢᠶᠠᠨ ᠠᠷᠢᠭᠤᠳᠬᠠᠨ᠎ᠠ      ︽ ᠡᠵᠢ ᠶᠢᠨ ᠮᠢᠨᠢ ᠨᠢᠳᠣᠨ ᠳᠤ ᠨᠢᠯᠪᠤᠰᠤ ᠮᠠᠯᠳᠡᠭᠡᠨᠠᠨ᠎ᠠ  ︾  ᠺᠢᠨᠣ᠋ ᠶᠢ ᠦᠵᠡᠵᠦ᠂ ᠣᠲᠣ ᠦᠶ᠎ᠡ ᠶᠢᠨ ᠭᠡᠷ ᠪᠦᠯᠢ ᠶᠢᠨ ᠡᠴᠢᠭᠡ ᠡᠬᠡ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠳᠠᠯᠢ ᠪᠤᠰᠤ ᠭᠡᠷ ᠪᠦᠯᠢ ᠶᠢᠨ ᠥᠯᠢᠭᠡᠷ ᠢᠶᠠᠷ ᠳᠡᠮᠵᠢᠨ᠂ ᠭᠤᠷᠪᠠᠨ ᠡᠬᠡ ᠪᠣᠯᠣᠨ ᠦᠷ᠎ᠡ ᠬᠡᠦᠬᠡᠳ᠂ ᠠᠳᠠᠯᠢ ᠪᠤᠰᠤ ᠡᠴᠢᠭᠡ ᠡᠬᠡ ᠦᠷ᠎ᠡ ᠬᠡᠦᠬᠡᠳ ᠤᠨ ᠬᠠᠷᠢᠴᠠᠭᠠᠨ ᠤ ᠮᠥᠷᠭᠦᠯᠳᠦᠭᠡᠨ ᠳᠤᠮᠳᠠ᠂ ᠡᠴᠦᠰ ᠲᠡᠭᠡᠨ ᠬᠠᠶᠢᠷ᠎ᠠ ᠶᠢᠨ ᠰᠡᠳᠬᠢᠯᠭᠡ ᠪᠠ ᠬᠠᠷᠢᠯᠴᠠᠨ ᠬᠦᠨᠳᠦᠳᠬᠡᠬᠦ ᠶᠢ ᠤᠬᠠᠵᠤ ᠮᠡᠳᠡᠭᠰᠡᠨ ᠪᠠᠶᠢᠨ᠎ᠠ᠃ ᠡᠨᠡ ᠺᠢᠨᠣ᠋ ᠨᠢ ᠪᠢᠳᠡᠨ ᠳᠤ ᠡᠬᠡ ᠶᠢᠨ ᠬᠠᠶᠢᠷ᠎ᠠ ᠶᠢᠨ ᠠᠭᠤᠤ ᠶᠡᠭᠡ ᠶᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠪᠢᠳᠡᠨ ᠳᠤ ᠭᠡᠷ ᠪᠦᠯᠢ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠪᠢᠳᠡᠨ ᠳᠤ ᠭᠦᠨᠵᠡᠭᠡᠢ ᠰᠡᠳᠬᠢᠨ ᠪᠣᠳᠣᠯᠬᠢᠯᠠᠬᠤ ᠶᠢᠨ ᠲᠠᠭᠠᠣ ᠡᠵᠢ ᠲᠠᠢ ᠪᠠᠨ ᠬᠠᠮᠳᠣ ᠪᠠᠶᠢᠭ᠎ᠠ ᠴᠠᠭ ᠮᠥᠴᠡ ᠪᠠᠨ ᠨᠠᠨᠳᠢᠩᠨᠠᠬᠤ ᠶᠢ ᠰᠠᠭᠡᠭᠡᠷᠡᠬᠦᠯᠥᠭᠰᠠᠨ ᠪᠠᠶᠢᠨ᠎ᠠ᠃      ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠪᠠ —— ᠬᠠᠤᠯᠢ ᠪᠠᠷ ᠵᠠᠰᠠᠬᠤ ᠦᠵᠡᠯᠲᠡ   ᠶᠢ ᠬᠦᠮᠣᠰ ᠤᠨ ᠰᠠᠳᠬᠢᠯ ᠳᠤ ᠬᠠᠳᠡᠩᠰᠢᠭᠤᠯᠣᠨ᠎ᠠ      ᠬᠠᠤᠯᠢ ᠴᠠᠭᠠᠵᠠ ᠶᠢᠨ ᠲᠣᠪᠴᠢᠶ᠎ᠠ ᠶᠢᠨ ᠰᠠᠶᠢᠨ ᠳᠤᠷ᠎ᠠ ᠶᠢᠨ ᠣᠶᠢᠯᠡᠴᠢᠯᠡᠭᠴᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠬᠦ ᠳᠡᠭᠡᠨ  ᠮᠠ ᠠᠨᠢᠶ᠎ᠠ᠄ ︽ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠢᠨ ᠨᠢᠭᠡᠨ ᠰᠠᠭᠤᠷᠢ ᠴᠢᠨᠠᠷᠲᠠᠢ ᠠᠵᠢᠯ ᠮᠥᠨ᠂ ᠬᠠᠤᠯᠢ ᠪᠠᠷ ᠵᠠᠰᠠᠬᠤ ᠨᠢ ᠨᠢᠭᠡᠨᠲᠡ ᠪᠦᠬᠦ ᠠᠷᠠᠳ ᠤᠨ ᠬᠠᠮᠲᠤ ᠶᠢᠨ ᠲᠠᠨᠢᠯᠲᠠ ᠪᠣᠯᠪᠠ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠣᠯ ᠬᠠᠤᠯᠢ ᠪᠠᠷ ᠵᠠᠰᠠᠬᠤ ᠶᠢᠨ ᠬᠦᠴᠦᠯᠡᠬᠦ ᠴᠡᠭ ᠮᠥᠨ︾ ᠭᠡᠪᠡ᠃ ᠰᠠᠭᠤᠭᠠᠯᠢ ᠠᠷᠠᠳ ᠨᠠᠶᠢᠵᠠ ᠨᠠᠷ ᠬᠡᠷᠪᠡ ᠬᠠᠤᠯᠢ ᠴᠠᠭᠠᠵᠠ ᠶᠢᠨ ᠲᠠᠯ᠎ᠠ ᠶᠢᠨ ᠠᠰᠠᠭᠤᠳᠠᠯ ᠲᠠᠢ ᠪᠣᠯ᠂ ᠲᠠᠷᠬᠠᠭᠠᠭᠰᠠᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ ᠲᠡᠪᠳᠡᠷ ᠳᠡᠭᠡᠷᠡᠬᠢ ᠬᠤᠶᠠᠷ ᠬᠡᠮᠵᠢᠯᠲᠦ ᠲᠡᠮᠳᠡᠭ ᠢ ᠰᠢᠷᠪᠢᠵᠦ᠂ ᠬᠠᠮᠤᠭ ᠤᠨ ᠲᠡᠷᠢᠭᠦᠨ ᠳᠤ ᠬᠠᠤᠯᠢᠴᠢ ᠲᠠᠢ ᠬᠠᠷᠢᠯᠴᠠᠵᠤ᠂ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠯᠠᠪᠯᠠᠵᠤ ᠪᠣᠯᠣᠨ᠎ᠠ᠃      ᠷᠡᠰᠢᠶᠠᠨ ᠤ ᠴᠠᠰᠣᠳᠣ ᠲᠣᠰᠬᠤᠨ —— ᠭᠡᠷ ᠣᠷᠣᠨ ᠢᠶᠠᠨ ᠦᠵᠡᠰᠬᠦᠯᠡᠩᠳᠣ ᠰᠠᠶᠢᠬᠠᠨ  ᠪᠣᠯᠭᠠᠨ᠎ᠠ      ᠡᠮᠡᠭᠲᠡᠶᠢᠴᠦᠳ ᠤᠨ ᠨᠤᠲᠤᠭ ᠤᠰᠤᠨ ᠤ ᠪᠠᠨ ᠬᠤᠪᠢᠷᠠᠯᠲᠠ ᠶᠢ ᠰᠡᠳᠬᠢᠯ ᠲᠠᠯᠪᠢᠨ ᠣᠶᠢᠯᠠᠭᠠᠵᠤ᠂ ᠡᠬᠡ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ   ᠶᠢ ᠨᠡᠮᠡᠭᠳᠡᠭᠦᠯᠦᠨ᠂ ᠣᠯᠠᠨ ᠤ ᠤᠷᠠᠯᠢᠭ ᠤᠨ ᠪᠣᠯᠪᠠᠰᠤᠷᠠᠯ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠳᠡᠭᠡᠭᠰᠢᠯᠡᠭᠦᠯᠬᠦ   ᠶᠢᠨ ᠲᠥᠯᠥᠭᠡ  ᠂ ᠨᠡᠶᠢᠭᠡᠮ ᠲᠣᠭᠤᠷᠢᠭ ᠠᠴᠠ ᠣᠯᠠᠨ ᠳᠤ ᠷᠠᠰᠢᠶᠠᠨ ᠤ ᠴᠠᠰᠤᠲᠤ ᠲᠣᠰᠬᠤᠨ ᠤ ᠲᠣᠰᠣᠨ ᠪᠤᠳᠤᠭ ᠤᠨ ᠵᠢᠷᠤᠭ ᠢ ᠪᠡᠯᠡᠳᠬᠡᠵᠦ᠂ ᠲᠠᠩᠰᠤᠭ ᠰᠠᠶᠢᠬᠠᠨ ᠵᠢᠷᠤᠭ ᠤᠨ ᠪᠢᠷ ᠢᠶᠠᠷ ᠴᠠᠰᠤᠲᠤ ᠲᠣᠰᠬᠤᠨ ᠤ ᠳᠦᠷᠢ ᠲᠥᠷᠬᠦ ᠪᠠ ᠪᠣᠷᠣ ᠲᠥᠯᠥᠪ ᠢ ᠵᠢᠷᠤᠭᠯᠠᠵᠠᠢ᠃ ᠡᠭᠦᠨ ᠤ ᠬᠠᠮᠲᠤ ᠪᠠᠰᠠ ᠨᠤᠲᠤᠭ ᠤᠨ ᠢᠶᠠᠨ ᠡᠶᠢᠮᠦᠷᠬᠦᠦ ᠳᠥᠭᠦᠮ ᠠᠷᠭ᠎ᠠ ᠪᠠᠷ ᠥᠨᠢ ᠡᠭᠦᠷᠢᠳᠡ ᠣᠷᠣᠰᠢᠨ ᠲᠣᠭᠲᠠᠨᠢᠵᠤ᠂ ᠶᠢᠷᠲᠢᠨᠴᠦ ᠶᠢᠨ ᠬᠥᠮᠥᠰ ᠲᠤ ᠲᠡᠭᠦᠨ ᠤ ᠪᠠᠷ᠎ᠠ ᠰᠡᠭᠦᠳᠡᠷ ᠪᠠ ᠡᠷᠬᠢᠮ ᠨᠠᠨᠳᠢᠨ ᠳᠤᠷᠠᠰᠤᠮᠵᠢ ᠶᠢ ᠦᠯᠡᠳᠡᠭᠡᠬᠦ ᠶᠢᠨ ᠬᠠᠮᠲᠤ ᠨᠡᠩ ᠤᠯᠠᠨ ᠬᠥᠮᠥᠰ ᠤᠨ ᠬᠠᠯᠠᠮᠵᠢᠯᠠᠨ ᠬᠠᠮᠠᠭᠠᠯᠠᠬᠤ ᠶᠢ ᠤᠷᠢᠶᠠᠯᠠᠬᠤ ᠶᠢ ᠬᠦᠰᠡᠵᠦ ᠪᠠᠶᠢᠨ᠎ᠠ᠃ ᠪᠠᠰᠠ ᠨᠣᠳᠤᠭ ᠤᠨ ᠰᠠᠶᠢᠨ ᠰᠠᠶᠢᠬᠠᠨ ᠢ ᠡᠶᠢᠮᠦᠷᠬᠦᠦ ᠳᠥᠭᠦᠮ ᠠᠷᠭ᠎ᠠ ᠪᠠᠷ ᠥᠨᠢ ᠡᠭᠦᠷᠢᠳᠡ ᠣᠷᠣᠰᠢᠨ ᠲᠣᠭᠲᠠᠨᠢᠵᠤ᠂ ᠶᠢᠷᠲᠢᠨᠴᠦ ᠶᠢᠨ ᠬᠥᠮᠥᠰ ᠲᠤ ᠬᠦᠰᠡᠨ᠎ᠡ᠃      ᠰᠣᠨᠢᠷᠬᠠᠯᠳᠣ ᠲᠣᠭᠯᠠᠭᠠᠮ ᠤᠨ ᠬᠥᠳᠡᠯᠭᠡᠭᠡᠨ—— ᠬᠥᠳᠡᠯᠭᠡᠭᠡᠨ ᠳᠤ ᠣᠷᠣᠯᠴᠠᠬᠤ ᠲᠣᠷᠡᠳᠡᠢ ᠪᠣᠯᠵᠣ  ᠪᠠᠶ᠎ᠠ ᠮᠠᠬᠠᠪᠣᠳ ᠢᠶᠠᠨ ᠴᠢᠬᠢᠷᠡᠬᠵᠢᠭᠤᠯᠣᠨ᠎ᠠ      ᠬᠠᠮᠤᠭ ᠰᠡᠭᠦᠯ ᠳᠤ᠂ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠢ ᠳᠠᠭᠠᠯᠳᠤᠨ᠂ ᠰᠣᠨᠢᠷᠬᠠᠯᠲᠤ ᠠᠵᠢᠯᠯᠠᠭ᠎ᠠ ᠬᠥᠰᠢᠭᠡ ᠪᠠᠨ ᠰᠡᠬᠦᠪᠡ᠃ ᠬᠥᠳᠡᠯᠭᠡᠭᠡᠨ ᠳᠤ ᠴᠢ ᠮᠢᠨᠤ ᠲᠠᠭᠠᠮᠠᠭᠯᠠᠬᠤ ᠶᠢ ᠵᠦᠢᠷᠯᠡᠬᠦ᠂ ᠰᠠᠨᠳᠠᠯᠢ ᠡᠷᠭᠢᠭᠦᠯᠬᠦ᠂ ᠳᠡᠭᠡᠰᠦ ᠲᠠᠲᠠᠬᠤ ᠭᠤᠷᠪᠠᠨ ᠲᠣᠭᠯᠠᠭᠠᠮ ᠢ ᠲᠣᠬᠢᠷᠠᠭᠤᠯᠵᠠᠢ᠃ ᠬᠥᠲᠥᠯᠥᠭᠴᠢ ᠶᠢᠨ ᠳᠠᠭᠠᠭᠤᠯᠭ᠎ᠠ ᠪᠠᠷ᠂ ᠤᠯᠠᠨ ᠢᠶᠠᠷ ᠢᠶᠠᠨ ᠪᠦᠯᠬᠦᠮᠳᠡᠯ ᠲᠠᠢ ᠨᠥᠬᠦᠷᠰᠡᠭ᠂ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠶᠠᠷ ᠪᠠᠶᠠᠰᠤᠯ ᠢ ᠡᠳ᠋ᠯᠡᠨ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠪᠠ᠃      ᠲᠤᠰ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠤᠨ ᠭᠡᠷ ᠪᠦᠯᠢ ᠶᠢᠨ ᠬᠥᠮᠦᠵᠢᠯ ᠤᠨ ᠮᠡᠳᠡᠯᠭᠡ ᠪᠣᠯᠣᠨ ᠬᠠᠤᠯᠢ ᠪᠠᠷ ᠵᠠᠰᠠᠬᠤ ᠦᠵᠡᠯᠲᠡ   ᠶᠢ ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ  ᠶᠢ ᠰᠠᠬᠢᠬᠤ᠂ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠥᠭᠡᠳ ᠡᠮᠡᠭᠲᠡᠶᠢᠴᠦᠳ ᠤᠨ ᠭᠤᠸ᠎ᠠ ᠰᠠᠶᠢᠬᠠᠨ ᠢ ᠰᠣᠨᠢᠷᠬᠠᠬᠤ ᠴᠢᠳᠠᠪᠤᠷᠢ ᠪᠣᠯᠣᠨ ᠡᠭᠦᠳᠦᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤ ᠠᠵᠢᠯᠯᠠᠭᠰᠠᠳ ᠤᠨ ᠬᠤᠭᠤᠷᠣᠨᠳᠣᠬᠢ ᠰᠣᠯᠢᠯᠴᠠᠭ᠎ᠠ ᠶᠢ ᠭᠦᠨᠵᠡᠭᠡᠶᠢᠷᠡᠭᠦᠯᠦᠨ᠂ ᠣᠯᠠᠨ ᠤ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ   ᠶᠢ ᠬᠥᠭᠵᠢᠭᠡᠵᠦ᠂ ᠣᠯᠠᠨ ᠢ ᠤᠷᠠᠯᠢᠭ ᠤᠨ ᠳᠤᠮᠳᠠ ᠪᠡᠶ᠎ᠡ ᠰᠡᠳᠬᠢᠯ ᠢ ᠨᠢ ᠠᠭᠤᠵᠢᠷᠠᠭᠤᠯᠵᠤ᠂ ᠦᠵᠡᠯ ᠰᠡᠳᠬᠢᠯᠭᠡ ᠶᠢ ᠨᠢ ᠪᠣᠯᠪᠠᠰᠤᠷᠠᠭᠤᠯᠵᠠᠢ᠃  
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号