ᠬᠤᠳᠡ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠪᠦᠯᠬᠦᠮ ᠲᠠᠭᠠᠭᠤᠯᠣᠨ ᠭᠠᠳᠡᠷ ᠮᠣᠵᠢ ᠬᠤᠳᠡ ᠪᠠᠷ ᠰᠢᠨᠵᠢᠯᠡᠨ ᠪᠠᠶᠢᠴᠠᠭᠠᠬᠰᠠᠨ ᠲᠣᠬᠠᠢ ᠪᠣᠳᠡᠳᠣ ᠲᠠᠮᠳᠡᠭᠯᠡᠯ
ᠨᠡᠶᠢᠲᠡᠯᠡᠭᠰᠡᠨ ᠴᠠᠭ᠄
2024/3/8
      2 ᠰᠠᠷ᠎ᠠ ᠶᠢᠨ 29  ᠤ ᠡᠳᠦᠷ ᠠᠴᠠ 3 ᠰᠠᠷ᠎ᠠ ᠶᠢᠨ 5  ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠰᠢ ᠠᠨ ᠬᠤᠳᠠ᠂ ᠲᠦᠩᠴᠤᠸᠠᠨ ᠬᠤᠳᠠ᠂ ᠴᠦᠩᠴᠢᠩ ᠬᠤᠳᠠ᠂ ᠱᠧᠨᠵᠧᠨ ᠬᠤᠳᠠ ᠳᠤ ᠰᠢᠨᠵᠢᠯᠡᠨ ᠪᠠᠶᠢᠴᠠᠭᠠᠪᠠ᠃ ᠱᠠᠨᠰᠢ ᠮᠤᠵᠢ ᠶᠢᠨ ᠲᠦᠩᠴᠤᠸᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠵᠢᠦ ᠬᠤᠩ᠂ ᠴᠦᠩᠴᠢᠩ ᠬᠤᠳᠠ ᠶᠢᠨ ᠦ᠋ ᠯᠦᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠩ ᠭᠦᠸᠧ ᠴᠢᠤᠸᠠᠨ ᠵᠡᠷᠭᠡ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠷᠡᠰᠢᠶᠠᠨ ᠬᠤᠳᠠ ᠶᠢᠨ ᠲᠦᠷᠦᠯ ᠲᠡᠮᠳᠡᠭ ᠤᠨ ᠳᠦᠷᠢ ᠲᠥᠷᠬᠦ ᠶᠢ ᠱᠤᠭᠤᠬᠤ᠂ ᠦᠵᠡᠮᠵᠢ ᠶᠢᠨ ᠣᠷᠣᠨ ᠤ ᠪᠠᠶᠢᠷᠢᠰᠢᠭᠤᠯᠤᠯᠲᠠ ᠶᠢᠨ ᠬᠠᠮᠢᠶᠠᠷᠤᠯᠲᠠ ᠪᠣᠯᠣᠨ ᠡᠵᠡᠩᠨᠡᠯᠲᠡ᠂ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠭᠦᠳᠬᠦ᠂ ᠬᠡᠷᠡᠭᠯᠡᠭᠡ ᠶᠢ ᠲᠡᠰ ᠳᠡᠪᠰᠢᠭᠦᠯᠬᠦ᠂ ᠬᠤᠷᠰᠢᠯᠴᠠᠨ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠠᠢ᠃      ᠰᠢ ᠠᠨ ᠬᠤᠳᠠ᠂ ᠲᠦᠩᠴᠤᠸᠠᠨ ᠬᠤᠳᠠ ᠳᠤ᠂ ᠶᠠᠩ ᠶᠦᠩ ᠵᠢᠦ᠂ ᠰᠢ ᠠᠨ ᠪᠣᠯ ᠲᠡᠦᠬᠡ ᠪᠠ ᠰᠣᠶᠣᠯ ᠤᠨ ᠠᠭᠤᠯᠬᠤᠨ ᠢᠶᠠᠷ ᠪᠢᠯᠬᠠᠮ᠎ᠠ ᠬᠤᠳᠠ ᠪᠦᠭᠡᠳ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠣᠨ᠎ᠠ᠃ ᠣᠳᠣᠬᠠᠨ ᠳᠤ ᠷᠠᠰᠢᠶᠠᠨ ᠶᠠᠭ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ︽ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ᠂ ᠳᠡᠯᠡᠬᠡᠢ ᠳᠤ ᠠᠯᠳᠠᠷᠲᠠᠢ︾ ᠵᠢᠭᠤᠯᠴᠢᠯᠠᠯ ᠤᠨ ᠠᠮᠠᠷᠠᠯᠲᠠ ᠶᠢᠨ ᠬᠤᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠷᠠᠰᠢᠶᠠᠨ ᠤ ᠵᠢᠭᠤᠯᠴᠢᠯᠠᠯ ᠤᠨ ᠥᠷᠨᠢᠩᠭᠦᠢ ᠬᠥᠭᠵᠢᠯᠲᠡ ᠶᠢᠨ ᠴᠤ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃ ᠰᠢ ᠠᠨ ᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ᠂ ᠣᠷᠣᠰᠬᠠᠯᠳᠣ ᠰᠣᠶᠣᠯ ᠤᠨ ᠪᠦᠲᠦᠭᠡᠯᠴᠢ ᠠᠵᠤ ᠦᠢᠯᠡᠰ ᠢ ᠰᠤᠷᠤᠯᠴᠠᠭᠤᠰᠢᠲᠠᠢ ᠪᠥᠭᠡᠳ ᠲᠣᠯᠢ ᠪᠣᠯᠭᠠᠵᠤ ᠪᠣᠯᠣᠨ᠎ᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠳ᠋ᠠ ᠮᠢᠩ ᠬᠦᠩ ᠣᠷᠳᠣᠨ᠂ ᠬᠤᠸᠠ ᠴᠢᠩ ᠬᠦᠩ ᠣᠷᠳᠣᠨ᠂ ᠱᠠᠨᠰᠢ ᠭᠠᠨᠰᠤ ᠶᠢᠨ ᠬᠢᠵᠠᠭᠠᠷ ᠣᠷᠣᠨ ᠤ ᠬᠤᠪᠢᠰᠬᠠᠯ ᠤᠨ ᠰᠠᠭᠤᠷᠢᠨ ᠭᠠᠵᠠᠷ ᠤᠨ ᠵᠤᠤᠵᠢᠨ ᠤ ᠳᠤᠷᠠᠰᠬᠠᠯ ᠤᠨ ᠣᠷᠳᠣᠨ᠂ ᠴᠧᠨ ᠯᠦ ᠭᠦ᠋ ᠪᠠᠯᠭᠠᠰᠤ᠂ ᠬᠤᠸᠠ ᠶᠤᠸᠠᠢ ᠬᠤᠢ ᠸᠧᠨ ᠵᠢᠭᠤᠯᠴᠢᠯᠠᠯ ᠤᠨ ᠵᠡᠭᠡᠯᠢ ᠶᠢᠨ ᠲᠣᠭᠤᠷᠢᠭ ᠵᠡᠷᠭᠡ ᠭᠠᠵᠠᠷ ᠢᠶᠠᠷ ᠲᠤᠬᠠᠢ ᠶᠢᠨ ᠭᠠᠵᠠᠷ ᠲᠤᠨᠢ ᠬᠦᠷᠴᠦ᠂ ᠦᠢᠯᠡᠳᠬᠦᠨ ᠤ ᠡᠭᠦᠳᠦᠯᠲᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ᠂ ᠵᠠᠬ᠎ᠠ ᠳᠡᠯᠭᠡᠭᠦᠷ ᠤᠨ ᠠᠵᠢᠯᠯᠠᠭ᠎ᠠ᠂ ᠦᠵᠡᠮᠵᠢ ᠶᠢᠨ ᠬᠤᠳᠠ ᠶᠢᠨ ᠠᠭᠤᠰᠤᠯᠴᠠᠯ᠂ ᠪᠠᠷᠢᠮᠵᠢᠶᠠᠵᠢᠭᠰᠠᠨ ᠬᠠᠮᠢᠶᠠᠷᠤᠯᠲᠠ ᠵᠡᠷᠭᠡ ᠲᠡᠷᠢᠭᠦᠨ ᠤ ᠲᠤᠷᠰᠢᠯᠭ᠎ᠠ ᠶᠢ ᠭᠦᠨᠵᠡᠭᠡᠢ ᠰᠤᠷᠤᠯᠴᠠᠵᠠᠢ᠃  ᠣᠳᠣᠬᠠᠨ ᠳᠤ᠂ ᠷᠠᠰᠢᠶᠠᠨ ᠤ ᠬᠢᠨ᠂ ᠲᠡᠦᠬᠡ ᠰᠣᠶᠣᠯ ᠪᠣᠯᠣᠨ ᠪᠠᠶᠢᠭᠠᠯᠢ ᠶᠢᠨ ᠦᠵᠡᠮᠵᠢ ᠶᠢ ᠭᠦᠨᠵᠡᠭᠡᠢ ᠨᠡᠶᠢᠳᠬᠡᠬᠦ ᠶᠢ ᠠᠬᠢᠭᠤᠯᠵᠤ᠂ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠬᠤ᠂ ᠡᠵᠡᠩᠨᠡᠬᠦ ᠶᠢ ᠨᠢᠭᠡ ᠴᠣᠭᠴᠠᠵᠢᠭᠤᠯᠬᠤ ᠰᠡᠳᠬᠢᠴᠡ ᠶᠢ ᠪᠠᠷᠢᠮᠲᠠᠯᠠᠨ᠂ ᠠᠭᠤᠯᠠ ᠤᠰᠤᠨ ᠤ ᠲᠣᠭᠯᠠᠯᠲᠠ ᠶᠢᠨ ᠤᠷᠠᠯᠢᠭ ᠢ IP᠂ ︽ᠺᠠᠩ ᠶᠠᠩ +︾ ᠵᠡᠷᠭᠡ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠰᠥᠨᠢ ᠶᠢᠨ ᠠᠵᠤ ᠠᠬᠤᠢ ᠶᠢᠨ ᠲᠦᠷᠦᠯ ᠲᠡᠮᠳᠡᠭ ᠢ ᠨᠢᠮᠪᠠᠢ ᠡᠭᠦᠳᠴᠦ᠂ ᠷᠠᠰᠢᠶᠠᠨ ᠤ ᠵᠢᠭᠤᠯᠴᠢᠯᠠᠯ ᠢ ᠨᠡᠩ  ᠣᠨᠴᠠᠯᠢᠭ ᠲᠠᠢ᠂ ᠨᠡᠩ ᠲᠥᠷᠥᠭᠳᠡᠯ ᠲᠠᠢ᠂ ᠨᠡᠩ ᠪᠦᠲᠦᠮᠵᠢ ᠲᠠᠢ ᠪᠣᠯᠭᠠᠬᠤ ᠪᠠᠷ ᠴᠢᠷᠮᠠᠶᠢᠵᠣ ᠪᠠᠶᠢᠨ᠎ᠠ ᠭᠡᠵᠡᠢ᠃      ᠴᠦᠩᠴᠢᠩ ᠬᠤᠳᠠ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠰᠢᠶᠠᠨ ᠨᠢᠦᠢ ᠱᠠᠨ ᠤ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ᠂ ᠰᠢᠶᠠᠨ ᠨᠢᠦᠢ ᠱᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ᠂ ᠷᠦᠩ ᠬᠤᠢ ᠬᠠᠯᠠᠭᠤᠨ ᠷᠠᠰᠢᠶᠠᠨ ᠤ ᠵᠢᠵᠢᠭ ᠪᠠᠯᠭᠠᠰᠤ᠂ ᠴᠦᠩᠴᠢᠩ ᠤᠨ ᠪᠠᠢ ᠯᠢᠶᠠᠨ ᠬᠠᠯᠠᠭᠤᠨ ᠷᠠᠰᠢᠶᠠᠨ ᠤ ᠪᠠᠭᠤᠳᠠᠯ ᠵᠡᠷᠭᠡ ᠭᠠᠵᠠᠷ ᠢᠶᠠᠷ ᠬᠦᠷᠴᠦ᠂ ᠠᠮᠠᠷᠠᠯᠲᠠ ᠶᠢᠨ ᠲᠣᠭᠤᠷᠢᠭ ᠤᠨ ᠡᠵᠡᠩᠨᠡᠯᠲᠡ ᠶᠢᠨ ᠵᠠᠭᠪᠤᠷ᠂ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠡᠷᠡᠭᠦᠯ ᠮᠡᠨᠳᠦ ᠶᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ ᠰᠢᠨ᠎ᠡ ᠶᠢ ᠡᠭᠦᠳᠴᠦ ᠤᠷᠤᠭᠰᠢᠯᠠᠨ ᠲᠠᠪᠰᠢᠬᠤ ᠳᠤ᠂ ᠷᠠᠰᠢᠶᠠᠨ ᠤ ᠬᠢᠨ ᠪᠣᠭᠤᠮᠢ ᠶᠢ ᠰᠢᠪᠲᠤᠯᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠᠭᠤᠨ ᠷᠠᠰᠢᠶᠠᠨ᠂ ᠤᠢ ᠰᠢᠭᠤᠢ ᠶᠢᠨ ᠭᠤᠣᠯᠯᠠᠭᠴᠢ ᠪᠦᠲᠦᠭᠡᠭᠳᠡᠬᠦᠨ ᠤ ᠰᠢᠰᠲ᠋ᠧᠮ ᠢ ᠨᠡᠭᠡᠭᠡᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠡᠬᠢ ᠪᠠᠶᠠᠯᠢᠭ ᠢ ᠨᠢᠭᠡᠳᠬᠡᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠨᠡᠩ ᠤᠯᠠᠨ ᠰᠢᠨ᠎ᠡ ᠪᠦᠲᠦᠭᠡᠭᠳᠡᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠱᠧᠨᠵᠧᠨ ᠬᠤᠳᠠ ᠶᠢᠨ ᠵᠢᠶᠣᠣ ᠴᠠᠩ ᠸᠧᠢ᠂ ᠭᠤᠸᠠᠨ ᠯᠠᠨ ᠪᠠᠷ ᠵᠢᠷᠤᠭ ᠤᠨ ᠲᠣᠰᠬᠤᠨ᠂ ᠭᠤᠸᠠᠨ ᠯᠠᠨ ᠠᠭᠤᠯᠠ ᠤᠰᠤ ᠬᠥᠳᠡᠭᠡ ᠲᠣᠰᠬᠤᠨ᠂ ᠨᠠᠨ ᠲᠧᠦ ᠶᠢᠨ ᠡᠷᠲᠡᠨ ᠤ ᠬᠤᠳᠠ ᠵᠡᠷᠭᠡ ᠭᠠᠵᠠᠷ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠷᠠᠳ ᠤᠨ ᠣᠷᠣᠨ ᠰᠠᠭᠤᠴᠠ ᠶᠢ ᠲᠡᠰ ᠳᠡᠪᠰᠢᠭᠦᠯᠦᠨ ᠥᠭᠡᠷᠡᠴᠢᠯᠡᠬᠦ᠂ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠵᠡᠭᠡᠯᠢ ᠲᠣᠭᠤᠷᠢᠭ ᠢ ᠪᠠᠶᠢᠭᠤᠯᠬᠤ ᠵᠡᠷᠭᠡ ᠲᠤᠷᠰᠢᠯᠭ᠎ᠠ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠠᠢ᠃ ᠪᠣᠳᠠᠲᠠᠢ ᠶᠢ ᠡᠷᠬᠢᠮᠯᠡᠨ ᠤᠷᠤᠭᠰᠢᠯᠠᠵᠣ᠂ ᠷᠠᠰᠢᠶᠠᠨ ᠤ ᠬᠢᠨ ᠰᠢᠨ᠎ᠡ ᠶᠢ ᠡᠷᠢᠯᠬᠢᠯᠡᠭᠡᠨ᠂ ᠲᠡᠷᠢᠭᠦᠨ ᠤ ᠲᠤᠷᠰᠢᠯᠭ᠎ᠠ ᠶᠢᠨ ᠣᠶᠢᠯᠠᠭᠠᠭᠳᠠᠬᠤᠨ ᠢ ᠬᠤᠸᠠ ᠰᠢᠶᠠᠩ ᠵᠢᠵᠢᠭ ᠬᠤᠳᠠ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠣᠨᠴᠠᠯᠢᠭᠲᠤ ᠵᠡᠭᠡᠯᠢ ᠲᠣᠭᠤᠷᠢᠭ ᠵᠡᠷᠭᠡ ᠠᠵᠢᠯ ᠳᠤ ᠠᠭᠤᠰᠤᠯᠴᠠᠭᠤᠯᠣᠨ᠂ ᠴᠢᠳᠠᠪᠬᠢ ᠶᠢ ᠨᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠥᠩᠭᠡ ᠵᠢᠰᠦ ᠶᠢ ᠨᠢ ᠳᠡᠭᠡᠭᠰᠢᠯᠡᠭᠦᠯᠵᠦ᠂ ᠭᠦᠨ ᠠᠭᠤᠯᠬᠤᠨ ᠢ ᠨᠢ ᠵᠤᠵᠠᠭᠠᠳᠬᠠᠵᠤ᠂ ︽ᠵᠢᠭᠤᠯᠴᠢᠯᠠᠯ ᠤᠨ ᠬᠤᠳᠠ︾ ᠠᠴᠠ ︽ᠬᠤᠳᠠ ᠶᠢᠨ ᠵᠢᠭᠤᠯᠴᠢᠯᠠᠯ︾ ᠲᠡᠰᠢ ᠬᠤᠪᠢᠷᠠᠭᠤᠯᠬᠤ ᠶᠢ ᠪᠡᠶᠡᠯᠡᠭᠦᠯᠣᠨ᠎ᠠ᠃      ᠡᠨᠡ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠤᠷᠢᠳ ᠬᠤᠵᠢᠳ ᠬᠤᠸᠠ ᠷᠦᠨ ᠪᠦᠯᠦᠭᠯᠡᠯ᠂ ᠵᠦᠩ ᠭᠤᠸᠠᠩ  ᠾᠧ ᠪᠦᠯᠦᠭᠯᠡᠯ᠂ ᠰᠢᠶᠠᠩ ᠶᠢᠩ ᠪᠦᠯᠦᠭᠯᠡᠯ᠂ ᠰᠢ ᠬᠣ᠋ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠤᠸᠠ ᠷᠦᠨ ᠬᠦᠰᠡᠯᠡᠩᠲᠦ ᠵᠢᠵᠢᠭ ᠪᠠᠯᠭᠠᠰᠤ᠂ ᠪᠠᠢ ᠯᠠᠩ ᠨᠡᠭᠦᠷᠡᠰᠦᠳᠦᠷᠦᠭᠴᠢ ᠦᠭᠡᠢ ᠤᠢ ᠰᠢᠭᠤᠢ ᠶᠢᠨ ᠵᠢᠵᠢᠭ ᠪᠠᠯᠭᠠᠰᠤ᠂ ᠬᠠᠯᠠᠭᠤᠨ ᠷᠠᠰᠢᠶᠠᠨ ᠤ ᠤᠢ ᠰᠢᠭᠤᠢ ᠶᠢᠨ ᠡᠷᠡᠭᠦᠯ ᠬᠠᠮᠠᠭᠠᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠶᠠᠪᠤᠳᠠᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢ ᠲᠦᠷᠭᠡᠨ ᠥᠷᠨᠢᠭᠦᠯᠵᠦ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠷᠢᠯᠢᠭᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠢ ᠲᠦᠷᠭᠡᠳᠬᠡᠨ ᠠᠬᠢᠭᠤᠯᠣᠨ᠂ ᠬᠠᠮᠲᠤᠷᠠᠯᠴᠠᠭᠠᠨ ᠤ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠵᠤ᠂ ᠷᠠᠰᠢᠶᠠᠨ ᠤ ︽ᠤᠯᠤᠰ ᠤᠨ ᠳᠣᠲᠣᠭᠠᠳᠤ ᠶᠢᠨ ᠲᠡᠷᠢᠭᠦᠨ ᠤ᠂ ᠳᠡᠯᠡᠬᠡᠢ ᠳᠤ ᠠᠯᠳᠠᠷᠲᠠᠢ︾ ᠵᠢᠭᠤᠯᠴᠢᠯᠠᠯ ᠤᠨ ᠠᠮᠠᠷᠠᠯᠲᠠ ᠶᠢᠨ ᠬᠤᠳᠠ ᠶᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃      ᠬᠤᠳᠠ ᠶᠢᠨ ᠤᠳᠤᠷᠢᠳᠤᠯᠭ᠎ᠠ ᠸᠠᠩ ᠲᠢᠶᠠᠨ  ᠹᠧᠩ᠂ ᠬᠠᠨ ᠴᠠᠩ ᠵᠢᠣ᠂ ᠪᠠᠢ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠣᠰ ᠣᠳᠡᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号