ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠬᠢᠨ ︽ᠨᠠᠮ ᠢᠶᠠᠨ | ᠳᠠᠭᠠᠵᠤ ᠰᠢᠨ᠎ᠡ ᠠᠶᠠᠨ ᠵᠠᠮ ᠳᠠᠭᠠᠨ ᠡᠷᠡᠰ ᠤᠷᠤᠭᠰᠢᠯᠠᠨ᠎ᠠ · ᠬᠢᠩᠭᠠᠨ ᠤ ᠡᠮᠡᠭᠲᠡᠶᠢᠴᠦᠳ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠣᠶ᠎ᠠ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ 114 ᠳ᠋ᠣᠭᠡᠷ ︽3 · 8︾ ᠤ | ᠡᠮᠡᠭᠲᠡᠶᠢᠴᠦᠳ ᠤᠨ ᠪᠠᠶᠠᠷ ᠢ ᠬᠠᠮᠲᠤ ᠪᠠᠷ ᠪᠡᠯᠭᠡᠯᠡᠵᠦ᠂ ᠦᠢ ᠲᠦᠮᠡᠨ ︽ᠬᠠᠭᠠᠰ ᠲᠣᠯᠭᠠᠭᠤᠷᠢ︾ ᠳᠤ | ᠬᠦᠨᠳᠦᠳᠬᠡᠯ ᠳᠡᠪᠰᠢᠭᠦᠯᠥᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ︽ᠠᠮᠤᠷ ᠠᠮᠤᠭᠤᠯᠠᠩ ᠡᠵᠢ︾᠂ | ᠡᠮᠡᠭᠲᠡᠢ ᠰᠠᠶᠢᠨ ᠳᠤᠷ᠎ᠠ ᠶᠢᠨ ᠣᠶᠢᠯᠡᠴᠢᠯᠡᠭᠴᠢ᠂ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ᠂ ᠨᠠᠮ ᠤᠨ | ᠭᠡᠰᠢᠭᠦᠨ ᠤ ᠲᠥᠯᠥᠭᠡᠯᠡᠭᠴᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠬᠠᠤᠯᠢ ᠴᠠᠭᠠᠵᠠ ᠶᠢᠨ | ᠵᠥᠪᠯᠡᠭᠴᠢ ᠵᠡᠷᠭᠡ ᠡᠮᠡᠭᠲᠡᠢ ᠲᠥᠯᠥᠭᠡᠯᠡᠭᠴᠢ ᠶᠢ ᠤᠷᠢᠵᠠᠢ᠃ | ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ | ᠡᠮᠡᠭᠲᠡᠶᠢᠴᠦᠳ ᠤᠨ ᠶᠠᠷᠢᠯᠴᠠᠭ᠎ᠠ ︱ ᠡᠮᠡᠭᠲᠡᠶᠢᠴᠦᠳ ᠤᠨ ᠲᠥᠯᠥᠭᠡᠯᠡᠭᠴᠢ ᠨᠠᠮ ᠤᠨ ᠰᠠᠶᠢᠨ ᠲᠦᠷᠦ ᠶᠢᠨ | ᠪᠣᠳᠣᠯᠭ᠎ᠠ ᠶᠢᠨ ᠲᠤᠬᠠᠢ ᠶᠠᠷᠢᠯᠴᠠᠵᠠᠭᠠᠨ᠎ᠠ᠃ | ᠶᠠᠷᠢᠯᠴᠠᠬᠤ ᠬᠤᠷᠠᠯ ᠳᠡᠭᠡᠷ᠎ᠡ᠂ ᠡᠮᠡᠭᠲᠡᠢ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠬᠤ ᠳᠤ ᠮᠠ ᠠᠨᠢᠶ᠎ᠠ | ᠄ ︽ᠣᠶᠢᠷ᠎ᠠ ᠶᠢᠨ ᠵᠢᠯ ᠤᠳ ᠲᠠᠬᠢ ᠷᠠᠰᠢᠶᠠᠨ ᠬᠤᠳᠡᠨ ᠤ ᠬᠤᠪᠢᠷᠠᠯᠲᠠ ᠶᠢ ᠡᠷᠭᠢᠴᠡᠭᠦᠯᠣᠨᠠ᠃ ᠤᠤᠯ ᠤᠨ | ᠰᠢᠷᠣᠢ ᠶᠢᠨ ᠵᠠᠮ᠂ ᠵᠠᠮ ᠴᠥᠭᠡᠨ᠂ ᠤᠴᠢᠷ ᠶᠠᠪᠤᠳᠠᠯ ᠬᠦᠢᠴᠡᠳᠭᠡᠬᠦ ᠳᠤ ᠳᠥᠭᠦᠮ ᠦᠭᠡᠢ᠂ ᠰᠠᠯᠠᠭ᠎ᠠ ᠮᠥᠴᠢᠷ ᠢ | ᠡᠷᠢᠬᠦ ᠳᠤ ᠬᠦᠴᠢᠷ ᠪᠠᠶᠢᠭᠰᠠᠨ ᠠᠴᠠ ᠤᠳᠤ ᠶᠢᠨ ᠵᠠᠮ ᠲᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ | ᠠᠷᠠᠳ ᠲᠤ ᠲᠦᠬᠦᠮ ᠦᠵᠡᠭᠦᠯᠬᠦ ᠨᠢᠭᠡ ᠯᠡ ᠥᠷᠲᠡᠭᠡᠨ ᠮᠠᠶ᠋ᠢᠭ ᠤᠨ ᠦᠢᠯᠡᠴᠢᠯᠡᠭᠡᠨ ᠤ ᠴᠣᠩᠬᠤᠪᠴᠢ ᠭᠠᠷᠭᠠᠵᠣ | ᠶᠠᠪᠣᠳᠡᠯ ᠬᠦᠢᠴᠡᠳᠭᠡᠬᠦ ᠳᠤ ᠲᠦᠬᠦᠮ ᠪᠣᠯᠤᠭᠰᠠᠨ ᠪᠠᠶᠢᠨ᠎ᠠ᠃ ᠡᠳᠡᠭᠡᠷ ᠨᠢ ᠴᠥᠮ ᠨᠠᠮ ᠤᠨ ᠰᠠᠶᠢᠨ ᠲᠦᠷᠦ ᠶᠢᠨ | ᠪᠣᠳᠣᠯᠭ᠎ᠠ ᠶᠢᠨ ᠳᠣᠣᠷ᠎ᠠ᠂ ᠣᠷᠣᠨ ᠰᠠᠭᠤᠴᠠ ᠨᠢ ᠭᠤᠶᠤ ᠰᠠᠶᠢᠬᠠᠨ᠂ ᠠᠮᠢᠳᠤᠷᠠᠯ ᠪᠠᠶᠠᠨ ᠴᠢᠨᠡᠭᠡᠯᠢᠭ ᠪᠣᠯᠵᠤ᠂ | ᠠᠶᠢᠯ ᠰᠠᠭᠠᠬᠠᠯᠳ᠋ᠨ ᠪᠠᠷ ᠢᠶᠠᠨ ᠡᠶ᠎ᠡ ᠨᠠᠶᠢᠷᠳᠡᠢ ᠪᠣᠯᠤᠭᠰᠠᠨ ᠪᠠᠶᠢᠨ᠎ᠠ︾ ᠭᠡᠵᠦ ᠬᠡᠯᠡᠪᠡ᠃ | ︽ ᠡᠵᠢ ᠶᠢᠨ ᠮᠢᠨᠢ ᠨᠢᠳᠣᠨ ᠳᠤ ᠨᠢᠯᠪᠤᠰᠤ ᠮᠠᠯᠳᠡᠭᠡᠨᠠᠨᠠ ︾ —— ᠭᠡᠷ ᠪᠦᠯᠢ ᠶᠢᠨ ᠬᠦᠮᠣᠵᠢᠯ ᠢᠶᠠᠷ | ᠰᠠᠳᠬᠢᠯ ᠢᠶᠠᠨ ᠠᠷᠢᠭᠤᠳᠬᠠᠨ᠎ᠠ | ︽ ᠡᠵᠢ ᠶᠢᠨ ᠮᠢᠨᠢ ᠨᠢᠳᠣᠨ ᠳᠤ ᠨᠢᠯᠪᠤᠰᠤ ᠮᠠᠯᠳᠡᠭᠡᠨᠠᠨᠠ ︾ ᠺᠢᠨᠣ᠋ ᠶᠢ ᠦᠵᠡᠵᠦ᠂ ᠣᠲᠣ ᠦᠶ᠎ᠡ ᠶᠢᠨ ᠭᠡᠷ | ᠪᠦᠯᠢ ᠶᠢᠨ ᠡᠴᠢᠭᠡ ᠡᠬᠡ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠳᠠᠯᠢ | ᠪᠤᠰᠤ ᠭᠡᠷ ᠪᠦᠯᠢ ᠶᠢᠨ ᠥᠯᠢᠭᠡᠷ ᠢᠶᠠᠷ ᠳᠡᠮᠵᠢᠨ᠂ ᠭᠤᠷᠪᠠᠨ ᠡᠬᠡ ᠪᠣᠯᠣᠨ ᠦᠷ᠎ᠡ ᠬᠡᠦᠬᠡᠳ᠂ ᠠᠳᠠᠯᠢ ᠪᠤᠰᠤ ᠡᠴᠢᠭᠡ | ᠡᠬᠡ ᠦᠷ᠎ᠡ ᠬᠡᠦᠬᠡᠳ ᠤᠨ ᠬᠠᠷᠢᠴᠠᠭᠠᠨ ᠤ ᠮᠥᠷᠭᠦᠯᠳᠦᠭᠡᠨ ᠳᠤᠮᠳᠠ᠂ ᠡᠴᠦᠰ ᠲᠡᠭᠡᠨ ᠬᠠᠶᠢᠷ᠎ᠠ ᠶᠢᠨ ᠰᠡᠳᠬᠢᠯᠭᠡ ᠪᠠ | ᠬᠠᠷᠢᠯᠴᠠᠨ ᠬᠦᠨᠳᠦᠳᠬᠡᠬᠦ ᠶᠢ ᠤᠬᠠᠵᠤ ᠮᠡᠳᠡᠭᠰᠡᠨ ᠪᠠᠶᠢᠨ᠎ᠠ᠃ ᠡᠨᠡ ᠺᠢᠨᠣ᠋ ᠨᠢ ᠪᠢᠳᠡᠨ ᠳᠤ ᠡᠬᠡ ᠶᠢᠨ ᠬᠠᠶᠢᠷ᠎ᠠ ᠶᠢᠨ | ᠠᠭᠤᠤ ᠶᠡᠭᠡ ᠶᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠪᠢᠳᠡᠨ ᠳᠤ ᠭᠡᠷ ᠪᠦᠯᠢ ᠶᠢᠨ ᠴᠢᠬᠤᠯᠠ | ᠴᠢᠨᠠᠷ ᠢ ᠣᠶᠢᠯᠠᠭᠠᠭᠤᠯᠵᠤ᠂ ᠪᠢᠳᠡᠨ ᠳᠤ ᠭᠦᠨᠵᠡᠭᠡᠢ ᠰᠡᠳᠬᠢᠨ ᠪᠣᠳᠣᠯᠬᠢᠯᠠᠬᠤ ᠶᠢᠨ ᠲᠠᠭᠠᠣ ᠡᠵᠢ ᠲᠠᠢ ᠪᠠᠨ ᠬᠠᠮᠳᠣ | ᠪᠠᠶᠢᠭ᠎ᠠ ᠴᠠᠭ ᠮᠥᠴᠡ ᠪᠠᠨ ᠨᠠᠨᠳᠢᠩᠨᠠᠬᠤ ᠶᠢ ᠰᠠᠭᠡᠭᠡᠷᠡᠬᠦᠯᠥᠭᠰᠠᠨ ᠪᠠᠶᠢᠨ᠎ᠠ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ | ᠣᠷᠣᠭᠤᠯᠪᠠ —— ᠬᠠᠤᠯᠢ ᠪᠠᠷ ᠵᠠᠰᠠᠬᠤ ᠦᠵᠡᠯᠲᠡ ᠶᠢ ᠬᠦᠮᠣᠰ ᠤᠨ ᠰᠠᠳᠬᠢᠯ ᠳᠤ ᠬᠠᠳᠡᠩᠰᠢᠭᠤᠯᠣᠨᠠ | ᠬᠠᠤᠯᠢ ᠴᠠᠭᠠᠵᠠ ᠶᠢᠨ ᠲᠣᠪᠴᠢᠶ᠎ᠠ ᠶᠢᠨ ᠰᠠᠶᠢᠨ ᠳᠤᠷ᠎ᠠ ᠶᠢᠨ ᠣᠶᠢᠯᠡᠴᠢᠯᠡᠭᠴᠢ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠬᠢᠬᠦ ᠳᠡᠭᠡᠨ ᠮᠠ ᠠᠨᠢᠶ᠎ᠠ᠄ ︽ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠪᠣᠯ | ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠢᠨ ᠨᠢᠭᠡᠨ ᠰᠠᠭᠤᠷᠢ ᠴᠢᠨᠠᠷᠲᠠᠢ ᠠᠵᠢᠯ | ᠮᠥᠨ᠂ ᠬᠠᠤᠯᠢ ᠪᠠᠷ ᠵᠠᠰᠠᠬᠤ ᠨᠢ ᠨᠢᠭᠡᠨᠲᠡ ᠪᠦᠬᠦ ᠠᠷᠠᠳ ᠤᠨ ᠬᠠᠮᠲᠤ ᠶᠢᠨ ᠲᠠᠨᠢᠯᠲᠠ ᠪᠣᠯᠪᠠ᠂ ᠬᠠᠤᠯᠢ ᠴᠠᠭᠠᠵᠠ ᠶᠢ | ᠲᠦᠭᠡᠮᠡᠯᠵᠢᠭᠦᠯᠬᠦ ᠪᠣᠯ ᠬᠠᠤᠯᠢ ᠪᠠᠷ ᠵᠠᠰᠠᠬᠤ ᠶᠢᠨ ᠬᠦᠴᠦᠯᠡᠬᠦ ᠴᠡᠭ ᠮᠥᠨ︾ ᠭᠡᠪᠡ᠃ ᠰᠠᠭᠤᠭᠠᠯᠢ ᠠᠷᠠᠳ ᠨᠠᠶᠢᠵᠠ | ᠨᠠᠷ ᠬᠡᠷᠪᠡ ᠬᠠᠤᠯᠢ ᠴᠠᠭᠠᠵᠠ ᠶᠢᠨ ᠲᠠᠯ᠎ᠠ ᠶᠢᠨ ᠠᠰᠠᠭᠤᠳᠠᠯ ᠲᠠᠢ ᠪᠣᠯ᠂ ᠲᠠᠷᠬᠠᠭᠠᠭᠰᠠᠨ ᠬᠠᠤᠯᠢ ᠴᠠᠭᠠᠵᠠ ᠶᠢᠨ | ᠤᠬᠠᠭᠤᠯᠭ᠎ᠠ ᠶᠢᠨ ᠭᠠᠷ ᠲᠡᠪᠳᠡᠷ ᠳᠡᠭᠡᠷᠡᠬᠢ ᠬᠤᠶᠠᠷ ᠬᠡᠮᠵᠢᠯᠲᠦ ᠲᠡᠮᠳᠡᠭ ᠢ ᠰᠢᠷᠪᠢᠵᠦ᠂ ᠬᠠᠮᠤᠭ ᠤᠨ ᠲᠡᠷᠢᠭᠦᠨ ᠳᠤ | ᠬᠠᠤᠯᠢᠴᠢ ᠲᠠᠢ ᠬᠠᠷᠢᠯᠴᠠᠵᠤ᠂ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠯᠠᠪᠯᠠᠵᠤ ᠪᠣᠯᠣᠨ᠎ᠠ᠃ | ᠷᠡᠰᠢᠶᠠᠨ ᠤ ᠴᠠᠰᠣᠳᠣ ᠲᠣᠰᠬᠤᠨ —— ᠭᠡᠷ ᠣᠷᠣᠨ ᠢᠶᠠᠨ ᠦᠵᠡᠰᠬᠦᠯᠡᠩᠳᠣ ᠰᠠᠶᠢᠬᠠᠨ ᠪᠣᠯᠭᠠᠨ᠎ᠠ | ᠡᠮᠡᠭᠲᠡᠶᠢᠴᠦᠳ ᠤᠨ ᠨᠤᠲᠤᠭ ᠤᠰᠤᠨ ᠤ ᠪᠠᠨ ᠬᠤᠪᠢᠷᠠᠯᠲᠠ ᠶᠢ ᠰᠡᠳᠬᠢᠯ ᠲᠠᠯᠪᠢᠨ ᠣᠶᠢᠯᠠᠭᠠᠵᠤ᠂ ᠡᠬᠡ | ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ | ᠨᠡᠮᠡᠭᠳᠡᠭᠦᠯᠦᠨ᠂ ᠣᠯᠠᠨ ᠤ ᠤᠷᠠᠯᠢᠭ ᠤᠨ ᠪᠣᠯᠪᠠᠰᠤᠷᠠᠯ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ | ᠳᠡᠭᠡᠭᠰᠢᠯᠡᠭᠦᠯᠬᠦ ᠶᠢᠨ ᠲᠥᠯᠥᠭᠡ ᠂ ᠨᠡᠶᠢᠭᠡᠮ ᠲᠣᠭᠤᠷᠢᠭ ᠠᠴᠠ ᠣᠯᠠᠨ ᠳᠤ ᠷᠠᠰᠢᠶᠠᠨ ᠤ ᠴᠠᠰᠤᠲᠤ ᠲᠣᠰᠬᠤᠨ ᠤ | ᠲᠣᠰᠣᠨ ᠪᠤᠳᠤᠭ ᠤᠨ ᠵᠢᠷᠤᠭ ᠢ ᠪᠡᠯᠡᠳᠬᠡᠵᠦ᠂ ᠲᠠᠩᠰᠤᠭ ᠰᠠᠶᠢᠬᠠᠨ ᠵᠢᠷᠤᠭ ᠤᠨ ᠪᠢᠷ ᠢᠶᠠᠷ ᠴᠠᠰᠤᠲᠤ ᠲᠣᠰᠬᠤᠨ ᠤ | ᠳᠦᠷᠢ ᠲᠥᠷᠬᠦ ᠪᠠ ᠪᠣᠷᠣ ᠲᠥᠯᠥᠪ ᠢ ᠵᠢᠷᠤᠭᠯᠠᠵᠠᠢ᠃ ᠡᠭᠦᠨ ᠤ ᠬᠠᠮᠲᠤ ᠪᠠᠰᠠ ᠨᠤᠲᠤᠭ ᠤᠨ ᠢᠶᠠᠨ ᠡᠶᠢᠮᠦᠷᠬᠦᠦ | ᠳᠥᠭᠦᠮ ᠠᠷᠭ᠎ᠠ ᠪᠠᠷ ᠥᠨᠢ ᠡᠭᠦᠷᠢᠳᠡ ᠣᠷᠣᠰᠢᠨ ᠲᠣᠭᠲᠠᠨᠢᠵᠤ᠂ ᠶᠢᠷᠲᠢᠨᠴᠦ ᠶᠢᠨ ᠬᠥᠮᠥᠰ ᠲᠤ ᠲᠡᠭᠦᠨ ᠤ ᠪᠠᠷ᠎ᠠ | ᠰᠡᠭᠦᠳᠡᠷ ᠪᠠ ᠡᠷᠬᠢᠮ ᠨᠠᠨᠳᠢᠨ ᠳᠤᠷᠠᠰᠤᠮᠵᠢ ᠶᠢ ᠦᠯᠡᠳᠡᠭᠡᠬᠦ ᠶᠢᠨ ᠬᠠᠮᠲᠤ ᠨᠡᠩ ᠤᠯᠠᠨ ᠬᠥᠮᠥᠰ ᠤᠨ ᠬᠠᠯᠠᠮᠵᠢᠯᠠᠨ | ᠬᠠᠮᠠᠭᠠᠯᠠᠬᠤ ᠶᠢ ᠤᠷᠢᠶᠠᠯᠠᠬᠤ ᠶᠢ ᠬᠦᠰᠡᠵᠦ ᠪᠠᠶᠢᠨ᠎ᠠ᠃ ᠪᠠᠰᠠ ᠨᠣᠳᠤᠭ ᠤᠨ ᠰᠠᠶᠢᠨ ᠰᠠᠶᠢᠬᠠᠨ ᠢ ᠡᠶᠢᠮᠦᠷᠬᠦᠦ | ᠳᠥᠭᠦᠮ ᠠᠷᠭ᠎ᠠ ᠪᠠᠷ ᠥᠨᠢ ᠡᠭᠦᠷᠢᠳᠡ ᠣᠷᠣᠰᠢᠨ ᠲᠣᠭᠲᠠᠨᠢᠵᠤ᠂ ᠶᠢᠷᠲᠢᠨᠴᠦ ᠶᠢᠨ ᠬᠥᠮᠥᠰ ᠲᠤ ᠬᠦᠰᠡᠨ᠎ᠡ᠃ | ᠰᠣᠨᠢᠷᠬᠠᠯᠳᠣ ᠲᠣᠭᠯᠠᠭᠠᠮ ᠤᠨ ᠬᠥᠳᠡᠯᠭᠡᠭᠡᠨ—— ᠬᠥᠳᠡᠯᠭᠡᠭᠡᠨ ᠳᠤ ᠣᠷᠣᠯᠴᠠᠬᠤ ᠲᠣᠷᠡᠳᠡᠢ ᠪᠣᠯᠵᠣ | ᠪᠠᠶ᠎ᠠ ᠮᠠᠬᠠᠪᠣᠳ ᠢᠶᠠᠨ ᠴᠢᠬᠢᠷᠡᠬᠵᠢᠭᠤᠯᠣᠨᠠ | ᠬᠠᠮᠤᠭ ᠰᠡᠭᠦᠯ ᠳᠤ᠂ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠢ ᠳᠠᠭᠠᠯᠳᠤᠨ᠂ ᠰᠣᠨᠢᠷᠬᠠᠯᠲᠤ | ᠠᠵᠢᠯᠯᠠᠭ᠎ᠠ ᠬᠥᠰᠢᠭᠡ ᠪᠠᠨ ᠰᠡᠬᠦᠪᠡ᠃ ᠬᠥᠳᠡᠯᠭᠡᠭᠡᠨ ᠳᠤ ᠴᠢ ᠮᠢᠨᠤ ᠲᠠᠭᠠᠮᠠᠭᠯᠠᠬᠤ ᠶᠢ ᠵᠦᠢᠷᠯᠡᠬᠦ᠂ ᠰᠠᠨᠳᠠᠯᠢ | ᠡᠷᠭᠢᠭᠦᠯᠬᠦ᠂ ᠳᠡᠭᠡᠰᠦ ᠲᠠᠲᠠᠬᠤ ᠭᠤᠷᠪᠠᠨ ᠲᠣᠭᠯᠠᠭᠠᠮ ᠢ ᠲᠣᠬᠢᠷᠠᠭᠤᠯᠵᠠᠢ᠃ ᠬᠥᠲᠥᠯᠥᠭᠴᠢ ᠶᠢᠨ ᠳᠠᠭᠠᠭᠤᠯᠭ᠎ᠠ ᠪᠠᠷ᠂ | ᠤᠯᠠᠨ ᠢᠶᠠᠷ ᠢᠶᠠᠨ ᠪᠦᠯᠬᠦᠮᠳᠡᠯ ᠲᠠᠢ ᠨᠥᠬᠦᠷᠰᠡᠭ᠂ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠠᠶᠠᠷ ᠪᠠᠶᠠᠰᠤᠯ ᠢ ᠡᠳ᠋ᠯᠡᠨ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠪᠠ᠃ | ᠲᠤᠰ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠤᠨ ᠭᠡᠷ ᠪᠦᠯᠢ ᠶᠢᠨ ᠬᠥᠮᠦᠵᠢᠯ ᠤᠨ ᠮᠡᠳᠡᠯᠭᠡ ᠪᠣᠯᠣᠨ | ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠶ ᠪᠣᠯᠭᠠᠭᠰᠠᠨ ᠪᠥᠭᠡᠳ ᠡᠮᠡᠭᠲᠡᠶᠢᠴᠦᠳ ᠤᠨ ᠭᠤᠸ᠎ᠠ ᠰᠠᠶᠢᠬᠠᠨ ᠢ ᠰᠣᠨᠢᠷᠬᠠᠬᠤ ᠴᠢᠳᠠᠪᠤᠷᠢ ᠪᠣᠯᠣᠨ | ᠡᠭᠦᠳᠦᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤ ᠠᠵᠢᠯᠯᠠᠭᠰᠠᠳ ᠤᠨ ᠬᠤᠭᠤᠷᠣᠨᠳᠣᠬᠢ ᠰᠣᠯᠢᠯᠴᠠᠭ᠎ᠠ | ᠶᠢ ᠭᠦᠨᠵᠡᠭᠡᠶᠢᠷᠡᠭᠦᠯᠦᠨ᠂ ᠣᠯᠠᠨ ᠤ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠣᠯᠠᠨ ᠢ | ᠤᠷᠠᠯᠢᠭ ᠤᠨ ᠳᠤᠮᠳᠠ ᠪᠡᠶ᠎ᠡ ᠰᠡᠳᠬᠢᠯ ᠢ ᠨᠢ ᠠᠭᠤᠵᠢᠷᠠᠭᠤᠯᠵᠤ᠂ ᠦᠵᠡᠯ ᠰᠡᠳᠬᠢᠯᠭᠡ ᠶᠢ ᠨᠢ ᠪᠣᠯᠪᠠᠰᠤᠷᠠᠭᠤᠯᠵᠠᠢ᠃ | | | |