ᠦᠨᠳᠦᠰᠤᠨ ᠱᠠᠳᠤᠨ ᠤ ᠨᠡᠶᠢᠭᠡᠮ ᠤᠨ ᠵᠠᠰᠠᠯᠳᠠ ᠶᠢᠨ ᠬᠤᠰᠢᠭᠤᠴᠢ ᠠᠩᠬᠢ
ᠨᠡᠶᠢᠲᠡᠯᠡᠭᠰᠡᠨ ᠴᠠᠭ᠄
2024/4/1
     ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠶ ᠦᠢᠯᠡᠳᠦᠯᠭᠡᠵᠢᠭᠦᠯᠤᠨ᠂ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠨ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠬᠤ ᠪᠠᠷ᠂ 2019 ᠣᠨ ᠠᠴᠠ ᠨᠠᠭᠠᠰᠢ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ᠂ ᠡᠷᠬᠡ ᠰᠦᠷᠲᠦ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠦᠭᠵᠢᠬᠦᠯᠤᠨ᠂ 756 ᠬᠦᠮᠦᠨ ᠢ ᠰᠤᠩᠭᠤᠨ ᠵᠢᠷᠤᠮ ᠤᠨ ᠴᠠᠭᠳᠠᠭ᠎ᠠ ᠶᠢᠨ ᠠᠵᠢᠯ ᠳᠤ ᠤᠷᠤᠯᠴᠠᠭᠤᠯᠪᠠ ᠃ ᠡᠬᠦᠨ ᠠᠴᠠ ᠷᠠᠰᠢᠶᠠᠨ ᠬᠤᠳᠠ ᠶᠢᠨ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ ᠶᠢᠨ ᠡᠩᠨᠡᠭᠡ ᠪᠠᠶᠢᠭᠤᠯᠤᠬᠳᠠᠵᠦ᠂ ᠠᠷᠠᠳ ᠤᠨ ᠴᠠᠭᠳᠠᠭ᠎ᠠ ᠲᠠᠢ ᠬᠠᠮᠵᠢᠯᠴᠠᠨ ᠵᠡᠭᠡᠯᠢ ᠭᠤᠳᠤᠮᠵᠢ ᠪᠠᠷ ᠳᠤᠭᠤᠷᠢᠨ ᠴᠠᠬᠳᠠᠬᠤ᠂ ᠪᠠᠴᠢᠮ ᠪᠠᠶᠢᠳᠡᠯ ᠢ ᠠᠷᠭᠠᠴᠠᠭᠠᠨ ᠠᠪᠤᠷᠠᠨ ᠲᠤᠰᠠᠯᠠᠬᠤ᠂ ᠤᠬᠠᠭᠤᠯᠭ᠎ᠠ ᠳᠠᠶᠢᠯᠤᠮᠵᠢ ᠬᠢᠬᠦ᠂ ᠵᠦᠷᠢᠴᠡᠯ ᠵᠢᠭᠤᠷᠠᠯᠳᠤᠭᠠᠨ ᠢ ᠡᠶᠡᠳᠡᠭᠦᠯᠤᠨ᠂ ᠦᠨᠳᠦᠰᠤᠨ ᠱᠠᠳᠤᠨ ᠤ ᠨᠡᠶᠢᠭᠡᠮ ᠤᠨ ᠵᠠᠰᠠᠯᠳᠠ ᠶᠢᠨ ᠠᠵᠢᠯ ᠳᠤ ᠨᠠᠩ ᠶᠡᠭᠡ ᠪᠠᠳᠤᠯᠠᠭ᠎ᠠ ᠬᠠᠨᠭ᠍ᠭᠠᠵᠠᠢ᠃      ᠷᠠᠰᠢᠶᠠᠨ ᠬᠤᠲᠠ ᠶᠢᠨ ᠡᠯ᠎ᠠ ᠪᠠᠯᠭᠠᠰᠦ ᠵᠠᠭᠡᠯᠢ ᠭᠤᠳᠤᠮᠵᠢ ᠶᠢᠨ ᠬᠥᠮᠦᠨ ᠠᠮᠠ ᠪᠠ ᠠᠵᠢᠯ ᠲᠥᠷᠥᠯ ᠤᠨ ᠲᠠᠯᠠᠪᠤᠷ ᠭᠠᠵᠠᠷ ᠬᠠᠷᠢᠴᠠᠩᠭᠤᠶ ᠪᠠᠷ ᠲᠦᠪᠯᠡᠷᠡᠩᠬᠦᠢ ᠪᠠᠶᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠷᠡᠭ ᠠᠮᠠᠷᠬᠠᠨ ᠡᠭᠦᠰᠳᠡᠭ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠳᠦᠷ ᠪᠦᠷᠢ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢ ᠳᠠᠭᠠᠭᠤᠯᠤᠨ ᠬᠠᠷᠢᠶ᠎ᠠ ᠣᠷᠣᠨ ᠤ ᠪᠠᠨ ᠭᠤᠤᠯᠳᠠᠯᠭ᠎ᠠ ᠲᠠᠢ ᠭᠠᠵᠠᠷ ᠢᠶᠠᠷ ᠲᠣᠭᠤᠷᠢᠨ ᠴᠠᠭᠳᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ ᠪᠠᠶᠢᠭ᠎ᠠ ᠶᠤᠮ᠃      ︽ᠬᠤᠳᠠᠯᠳᠤᠭᠠᠨ ᠤ ᠲᠠᠯᠠᠪᠤᠷ ᠢᠶᠠᠷ ᠤᠯᠠᠭᠠᠨ ᠬᠠᠨᠵᠢᠶᠠᠷᠢ ᠡᠮᠦᠰᠦᠭᠰᠡᠨ ︿ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ﹀ ᠶᠢ ᠵᠦᠡᠭᠳᠡᠭᠡᠨ ᠤᠯᠵᠦ ᠬᠠᠷᠠᠳᠠᠬ᠂ ᠳᠡᠳᠡᠨᠡᠷ ᠤᠨ ᠴᠠᠬᠳᠠᠨ ᠪᠠᠶᠢᠴᠠᠭᠠᠯᠳᠠ ᠠᠴᠠ ᠮᠠᠨ ᠤ ᠬᠤᠳᠠᠯᠳᠤᠭᠠᠨ ᠤ ᠳᠠᠯᠠᠪᠤᠷ ᠢᠶᠠᠷ ᠬᠤᠯᠠᠭᠠᠶᠢᠯᠠᠬᠤ ᠭᠡᠷᠡᠭ ᠳᠠᠬᠢᠨ ᠡᠬᠦᠰᠬᠦ ᠪᠠᠨ ᠪᠤᠯᠢᠬᠰᠡᠨ ᠪᠠᠶᠢᠨ᠎ᠠ︾ ᠭᠡᠵᠦ ᠬᠤᠳᠠᠯᠳᠤᠭᠠᠴᠢᠨ ᠯᠢᠦ ᠳ᠋ᠦᠩ ᠭᠡᠯᠡᠨ᠎ᠠ᠃ ᠪᠠᠰᠠ ᠨᠢᠭᠡᠨ ᠤᠳᠠᠭ᠎ᠠ ᠳᠡᠷᠡ ᠪᠠᠴᠢᠮ ᠶᠠᠭᠠᠷᠠᠤ ᠤᠴᠢᠷ ᠲᠠᠢ ᠠᠴᠠ ᠪᠤᠯᠵᠦ ᠢᠳᠡᠰᠢᠨ ᠨᠤᠭᠤᠭ᠎ᠠ ᠶᠢᠨ ᠳᠡᠯᠭᠡᠬᠦᠷ ᠢᠶᠠᠨ ᠤᠨᠢᠰᠤᠯᠠᠬᠤ ᠪᠠᠨ ᠮᠠᠷᠳᠡᠨ ᠶᠠᠪᠤᠬᠰᠠᠨ ᠪᠠᠶᠢᠨ᠎ᠠ᠂ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ ᠳᠤᠭᠤᠷᠢᠨ ᠴᠠᠬᠳᠠᠬᠤ ᠳᠤᠮᠳᠠ ᠪᠠᠨ ᠡᠨᠡᠬᠦ ᠪᠠᠶᠢᠳᠡᠯ ᠢ ᠤᠯᠵᠦ ᠮᠡᠳᠡᠵᠦ᠂ ᠯᠢᠦ ᠳ᠋ᠦᠡᠭ ᠳᠤ ᠤᠳᠠᠰᠦ ᠶᠠᠪᠤᠭᠤᠯᠵᠦ ᠪᠠᠶᠢᠳᠡᠯ ᠢ ᠭᠡᠯᠡᠵᠦ ᠦᠭᠬᠦᠭᠰᠡᠨ ᠮᠦᠷᠳᠡᠭᠡᠨ ᠳᠡᠯᠭᠡᠬᠦᠷ ᠢ ᠨᠢ ᠤᠨᠢᠰᠤᠯᠠᠵᠦ ᠦᠭᠬᠦᠭᠰᠡᠨ ᠪᠠᠶᠢᠨ᠎ᠠ᠃      ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠡᠩᠨᠡᠭᠡ ᠶᠢᠨ ᠬᠢᠨ ︽ᠳᠤᠬᠠᠢ ᠶᠢᠨ ᠭᠠᠵᠠᠷ ᠤᠨ ᠢᠶᠠᠨ ᠬᠦᠮᠦᠨ ᠢ ᠰᠠᠶᠢᠳᠤᠷ ᠤᠶᠢᠯᠠᠭᠠᠬᠤ᠂ ᠭᠠᠵᠠᠷ ᠤᠷᠤᠨ ᠢ ᠰᠠᠶᠢᠳᠤᠷ ᠮᠡᠳᠡᠬᠦ᠂ ᠪᠠᠶᠢᠳᠡᠯ ᠢ ᠰᠠᠶᠢᠳᠤᠷ ᠮᠡᠳᠡᠬᠦ︾ ᠳᠠᠪᠠᠭᠤᠯᠢᠭ ᠢᠶᠠᠨ ᠪᠠᠳᠠᠷᠠᠭᠤᠯᠤᠨ᠂ ᠡᠯ᠎ᠠ ᠵᠦᠢᠯ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠵᠦᠷᠢᠴᠡᠯ ᠵᠢᠭᠤᠷᠠᠯᠳᠤᠭᠠᠨ ᠢ ᠳᠤᠬᠠᠢ ᠶᠢᠨ ᠭᠠᠵᠠᠷ ᠲᠤᠨᠢ ᠰᠶᠢᠳᠪᠦᠷᠢᠯᠡᠵᠦ ᠪᠠᠶᠢᠭ᠎ᠠ ᠶᠤᠮ᠃      ᠣᠶᠢᠷ᠎ᠠ ᠶᠢᠨ ᠡᠳᠦᠷ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠪᠣᠯᠤᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠯᠢ ᠣᠪᠣᠭᠲᠤ ᠶᠢᠨ ᠭᠡᠷ ᠢᠶᠠᠷ ᠢᠷᠡᠵᠦ ᠬᠠᠷᠢᠭᠤ ᠰᠤᠷᠪᠤᠯᠵᠢᠯᠠᠭ᠎ᠠ ᠬᠢᠭᠰᠡᠨ ᠪᠠᠶᠢᠨ᠎ᠠ᠃ ︽ᠳᠠᠨᠤᠰ ᠤᠨ ᠵᠦᠷᠢᠴᠡᠯ ᠵᠢᠭᠤᠷᠠᠯᠳᠤᠭᠠᠨ ᠢ ᠰᠶᠢᠳᠪᠦᠷᠢᠯᠡᠭᠡᠳ ᠨᠢᠭᠡᠨᠳᠡ ᠭᠠᠷᠠᠬ ᠭᠠᠷᠤᠢ ᠪᠤᠯᠵᠦ ᠪᠠᠶᠢᠨ᠎ᠠ᠂ ᠤᠳᠤᠬᠠᠨ ᠠᠮᠢᠳᠤᠷᠠᠯ ᠴᠢᠨᠢ ᠶᠠᠮᠠᠷ ᠵᠡᠷᠭᠡ ᠪᠤᠢ᠂ ᠪᠠᠰᠠ ᠵᠦᠷᠢᠴᠡᠯ ᠵᠢᠭᠤᠷᠠᠯᠳᠤᠭᠠᠨ ᠡᠬᠦᠰᠴᠦ ᠪᠠᠶᠢᠨ᠎ᠠ ᠤᠤ ᠁︾ ᠭᠡᠵᠦ ᠴᠠᠬᠳᠠᠭ᠎ᠠ ᠠᠰᠠᠭᠤᠨ᠎ᠠ᠃ ᠲᠦᠷᠦᠭᠦᠬᠡᠨ ᠯᠢ ᠣᠪᠣᠭᠲᠤ ᠪᠣᠯᠤᠨ ᠶᠠᠩ ᠣᠪᠣᠭᠲᠤ ᠭᠡᠷ ᠪᠦᠯᠢ ᠶᠢᠨ ᠠᠷᠰᠠᠷ ᠤᠴᠢᠷ ᠠᠴᠠ ᠵᠦᠷᠢᠴᠡᠯ ᠵᠢᠭᠤᠷᠠᠯᠳᠤᠭᠠᠨ ᠪᠤᠯᠵᠦ᠂ 110 ᠳᠤ ᠤᠳᠠᠰᠤᠳᠠᠵᠠᠢ᠃ ᠳᠡᠭᠡᠭᠡᠳ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠪᠤᠯᠤᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠳᠡᠷᠡ ᠳᠠᠷᠤᠢ ᠳᠤᠬᠠᠢ ᠶᠢᠨ ᠭᠠᠵᠠᠷ ᠢᠶᠠᠷ ᠬᠦᠷᠴᠦ ᠡᠶᠡᠳᠡᠭᠦᠯᠭᠡ ᠬᠢᠪᠡ᠃      ︽ᠡᠨᠡ ᠪᠣᠯ ᠮᠢᠨᠦ ᠠᠩᠬ᠎ᠠ ᠤᠳᠠᠭ᠎ᠠ ᠠᠷᠠᠳ ᠤᠨ ᠴᠠᠭᠳᠠᠭ᠎ᠠ ᠶᠢ ᠬᠠᠪᠰᠤᠷᠤᠨ ᠡᠶᠡᠳᠡᠬᠦᠯᠭᠡ ᠬᠢᠵᠦ ᠠᠮᠵᠢᠯᠳᠠ ᠤᠯᠤᠬᠰᠠᠨ ᠶᠠᠪᠤᠳᠠᠯ ᠪᠤᠯᠤᠨ᠎ᠠ᠂ ᠡᠨᠡ ᠨᠢ ᠴᠠᠬᠳᠠᠭ᠎ᠠ ᠨᠠᠷ ᠤᠨ ᠡᠳᠦᠷ ᠳᠤᠳᠤᠮ ᠤᠨ ᠵᠢᠭᠠᠨ ᠵᠢᠯᠤᠭᠤᠳᠤᠯᠭ᠎ᠠ ᠵᠢᠴᠢ ᠳᠤᠬᠠᠶᠢᠯᠠᠬᠰᠠᠨ ᠠᠵᠢᠯ ᠤᠨ ᠪᠤᠯᠪᠠᠰᠤᠷᠠᠯ ᠠᠴᠠ ᠰᠠᠯᠵᠤ ᠴᠢᠳᠠᠬᠤ ᠦᠭᠡᠶ᠂ ᠦᠷᠬᠦᠯᠵᠢᠯᠡᠨ ᠠᠷᠠᠳ ᠤᠨ ᠰᠠᠶᠢᠨ ᠡᠶᠡᠳᠡᠬᠦᠯᠦᠭᠴᠢ ᠪᠤᠯᠬᠤ ᠪᠠᠷ ᠴᠢᠷᠮᠠᠶᠢᠨ᠎ᠠ︾ ᠭᠡᠵᠦ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠯᠢᠦ ᠬᠤᠢ ᠴᠦᠨ ᠬᠡᠯᠡᠪᠡ᠃      ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯᠭᠡ ᠳᠤ ᠢᠳᠡᠪᠬᠢᠲᠡᠶ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ ︽ᠠᠷᠠᠳ ᠤᠨ ᠴᠠᠭᠳᠠᠭ᠎ᠠ + ᠵᠢᠷᠤᠮ ᠤᠨ ᠴᠠᠭᠳᠠᠭ᠎ᠠ︾ ᠶᠢᠨ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠰᠢᠢᠳᠪᠦᠷᠢᠯᠡᠬᠦ ᠰᠢᠨ᠎ᠡ ᠠᠷᠭ᠎ᠠ ᠵᠠᠮ᠂ ᠰᠢᠨ᠎ᠡ ᠰᠢᠰᠲ᠋ᠧᠮ᠂ ᠰᠢᠨ᠎ᠡ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠢᠭᠤᠷᠠᠯᠳᠤᠭᠠᠨ ᠢ ᠰᠢᠢᠳᠪᠦᠷᠢᠯᠡᠬᠦ ᠡᠩᠨᠡᠭᠡ ᠶᠢ ᠥᠷᠭᠡᠳᠭᠡᠨ ᠬᠦᠴᠦᠷᠬᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠦᠢᠯᠡᠴᠢᠯᠡᠭᠡ ᠶᠢ ᠰᠢᠯᠢᠳᠡᠭᠵᠢᠬᠦᠯᠬᠦ︾ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠢᠯᠡᠷᠡᠭᠦᠯᠬᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠠᠷᠢᠶ᠎ᠠ ᠣᠷᠣᠨ ᠤ ᠪᠠᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃      ︽ᠵᠢᠯ ᠤᠨ ᠡᠬᠢᠨ ᠠᠴᠠ ᠨᠠᠭᠠᠰᠢ᠂ ᠠᠷᠠᠳ ᠤᠨ ᠴᠠᠭᠳᠠᠭ᠎ᠠ ᠪᠣᠯᠤᠨ ︿ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ﹀ ᠬᠠᠮᠲᠤᠷᠠᠨ ᠨᠡᠶᠢᠳᠡ 4600 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠪᠦᠬᠦ ᠠᠷᠠᠳ ᠤᠨ ᠮᠡᠬᠡᠯᠡᠯ ᠢ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ᠃ ᠳᠠᠷᠠᠭᠠᠴᠢ ᠪᠠᠷ ᠪᠢᠳᠡ ︿ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ﹀ ᠶᠢᠨ ᠡᠩᠨᠡᠭᠡ ᠶᠢ ᠤᠯᠠᠮ ᠥᠷᠭᠡᠳᠭᠡᠵᠦ᠂ ᠬᠠᠷᠢᠶ᠎ᠠ ᠣᠷᠣᠨ ᠤ ᠪᠠᠨ ᠨᠡᠩ ᠤᠯᠠᠨ ᠬᠦᠮᠦᠰ ᠢ ︿ᠵᠢᠷᠤᠮ ᠤᠨ ᠴᠠᠭᠳᠠᠭ᠎ᠠ﹀ ᠶᠢᠨ ᠡᠩᠨᠡᠭᠡ ᠳᠤ ᠣᠷᠣᠭᠤᠯᠵᠤ᠂ ᠬᠠᠷᠢᠶ᠎ᠠ ᠣᠷᠣᠨ ᠤ ᠠᠮᠤᠷ ᠲᠣᠭᠲᠠᠭᠤᠨ ᠳᠤ ᠬᠦᠴᠦᠨ ᠨᠡᠮᠡᠷᠢᠯᠡᠬᠦᠯᠤᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠦᠨ᠎ᠡ︾ ᠭᠡᠵᠦ ᠷᠠᠰᠢᠶᠠᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠲᠤᠤ ᠶᠧ ᠭᠡᠯᠡᠨ᠎ᠠ᠃
← ᠵᠢᠷᠤᠬ ᠲᠤ᠂ ᠠᠮᠤᠷ ᠲᠦᠪᠰᠢᠨ ᠤ ᠤᠬᠠᠭᠤᠯᠭ᠎ᠠ ᠬᠢᠵᠦ ᠪᠤᠢ᠃ᠵᠠᠩ ᡁᠢ ᠰᠢᠨ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号