ᠡᠯᠡᠰᠦᠨ ᠰᠢᠭᠤᠷᠭ᠎ᠠ ᠶᠢᠨ ᠴᠠᠭ ᠠᠭᠤᠷ ᠲᠤ ᠡᠷᠡᠭᠦᠯ ᠮᠡᠨᠳᠦ ᠶᠢᠨ ᠬᠠᠮᠠᠭᠠᠯᠠᠯᠳᠠ ᠪᠠᠨ ᠰᠠᠶᠢᠳᠦᠷ ᠬᠢᠭᠡᠷᠡᠢ
ᠨᠡᠶᠢᠲᠡᠯᠡᠭᠰᠡᠨ ᠴᠠᠭ᠄
2024/4/10
     ᠬᠠᠪᠤᠷ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ ᠤᠮᠠᠷᠠᠲᠤ ᠣᠷᠣᠨ ᠳᠤ ᠡᠯᠡᠰᠦᠨ ᠰᠢᠭᠤᠷᠭ᠎ᠠ ᠶᠢᠨ ᠴᠠᠭ ᠠᠭᠤᠷ ᠤᠯᠠᠨᠲᠠ ᠡᠭᠦᠰᠴᠦ᠂ ᠬᠦᠮᠦᠰ ᠤᠨ ᠡᠷᠡᠭᠦᠯ ᠮᠡᠨᠲᠦ ᠳᠤ ᠶᠡᠭᠡ ᠨᠦᠯᠦᠭᠡ ᠲᠤᠰᠬᠠᠯ ᠭᠠᠷᠪᠠ᠃      ᠶᠠᠭᠤ ᠶᠢ ᠡᠯᠡᠰᠦᠨ ᠰᠢᠭᠤᠷᠭ᠎ᠠ ᠶᠢᠨ ᠴᠠᠭ ᠠᠭᠤᠷ ᠭᠡᠬᠦ ᠪᠤᠢ︖      ᠮᠠᠨ ᠤ ᠤᠯᠤᠰ ᠤᠨ ︽ᠡᠯᠡᠰᠦᠨ ᠰᠢᠭᠤᠷᠭ᠎ᠠ ᠶᠢᠨ ᠴᠠᠭ ᠠᠭᠤᠷ ᠤᠨ ᠲᠠᠰ︾ ᠤᠨ ᠲᠣᠭᠲᠠᠭᠠᠯ ᠢ ᠦᠨᠳᠦᠰᠦᠯᠡᠪᠡᠯ᠂ ᠡᠯᠡᠰᠦᠨ ᠰᠢᠭᠤᠷᠭ᠎ᠠ ᠶᠢᠨ ᠴᠠᠭ ᠠᠭᠤᠷ ᠭᠡᠳᠡᠭ ᠨᠢ ᠡᠯᠡᠰᠦᠨ ᠮᠥᠬᠦᠯᠢᠭ᠂ ᠲᠣᠭᠤᠰᠣ ᠰᠢᠷᠣᠶ ᠠᠭᠠᠷ ᠲᠤ ᠬᠥᠪᠴᠦ᠂ ᠠᠭᠠᠷ ᠪᠤᠯᠠᠩᠭᠢᠷᠲᠤᠵᠤ᠂ ᠦᠵᠡᠭᠳᠡᠴᠡ ᠶᠢᠨ ᠬᠡᠮᠵᠢᠶ᠎ᠡ ᠪᠠᠭᠤᠷᠠᠭᠰᠠᠨ ᠴᠠᠭ ᠠᠭᠤᠷ ᠤᠨ ᠦᠵᠡᠭᠳᠡᠯ ᠢ ᠵᠢᠭᠠᠨ᠎ᠠ᠃ ᠡᠯᠡᠰᠦᠨ ᠰᠢᠭᠤᠷᠭ᠎ᠠ ᠶᠢᠨ ᠴᠠᠭ ᠠᠭᠤᠷ ᠤᠨ ᠲᠠᠰ ᠢ ᠭᠤᠤᠯᠳᠠᠭᠤ ᠡᠯᠡᠰᠦᠨ ᠰᠢᠭᠤᠷᠭ᠎ᠠ ᠳᠡᠭᠳᠡᠬᠦ ᠦᠶ᠎ᠡ ᠶᠢᠨ ᠦᠵᠡᠭᠳᠡᠴᠡ ᠶᠢᠨ ᠬᠢᠷᠢ ᠲᠦᠪᠰᠢᠨ ᠢᠶᠠᠷ ᠦᠨᠳᠦᠰᠦᠯᠡᠯ ᠪᠣᠯᠭᠠᠬᠤ ᠶᠢᠨ ᠬᠠᠮᠲᠤ ᠰᠠᠯᠬᠢᠨ ᠤ ᠬᠦᠴᠤᠨ ᠤ ᠶᠡᠭᠡ ᠪᠠᠭ᠎ᠠ ᠪᠠᠷ ᠯᠠᠪᠯᠠᠯᠲᠠ ᠪᠣᠯᠭᠠᠨ ᠬᠤᠪᠢᠶᠠᠷᠢᠯᠠᠵᠦ᠂ ᠭᠤᠤᠯᠳᠠᠭᠤ ᠲᠣᠭᠤᠰᠣ ᠳᠡᠭᠳᠡᠬᠦ᠂ ᠡᠯᠡᠰᠦ ᠳᠡᠭᠳᠡᠬᠦ᠂ ᠡᠯᠡᠰᠦᠨ ᠰᠢᠭᠤᠷᠭ᠎ᠠ᠂ ᠴᠢᠩᠭ᠎ᠠ ᠡᠯᠡᠰᠦᠨ ᠰᠢᠭᠤᠷᠭ᠎ᠠ᠂ ᠣᠨᠴᠠ ᠴᠢᠩᠭ᠎ᠠ ᠡᠯᠡᠰᠦᠨ ᠰᠢᠭᠤᠷᠭ᠎ᠠ ᠭᠡᠵᠦ ᠲᠠᠪᠤᠨ ᠳᠡᠰ ᠬᠤᠪᠢᠶᠠᠨ᠎ᠠ᠃      ᠡᠯᠡᠰᠦᠨ ᠰᠢᠭᠤᠷᠭ᠎ᠠ ᠨᠢ ᠡᠷᠡᠭᠦᠯ ᠮᠡᠨᠳᠦ ᠳᠤ ᠶᠠᠮᠠᠷ ᠬᠤᠤᠷ ᠬᠥᠨᠥᠭᠡᠯ ᠲᠠᠢ ᠪᠣᠶ︖      ᠡᠯᠡᠰᠦᠨ ᠰᠢᠭᠤᠷᠭ᠎ᠠ ᠳᠡᠭᠳᠡᠬᠦ ᠦᠶᠡᠰ᠂ ᠡᠯᠡᠰᠦ ᠲᠣᠭᠤᠰᠣ ᠳᠤᠮᠳᠠᠬᠢ ᠪᠣᠬᠢᠷᠲᠤᠯ ᠪᠣᠳᠠᠰ ᠨᠢ ᠬᠥᠮᠥᠨ ᠤ ᠨᠢᠳᠦ᠂ ᠬᠠᠮᠠᠷ᠂ ᠬᠤᠭᠤᠯᠠᠢ ᠵᠡᠷᠭᠡ ᠰᠠᠯᠢᠰᠤᠲᠤ ᠪᠦᠷᠬᠦᠪᠴᠢ ᠶᠢᠨ ᠨᠡᠬᠡᠳᠡᠰᠦ ᠵᠢᠴᠢ ᠠᠷᠠᠰᠤ ᠪᠠᠷ ᠳᠡᠮᠵᠢᠨ᠂ ᠬᠥᠮᠦᠨ ᠤ ᠪᠡᠶ᠎ᠡ ᠳᠤ ᠰᠢᠭᠤᠳ ᠠᠳᠠᠯᠢ ᠪᠤᠰᠤ ᠬᠡᠮᠵᠢᠶᠡᠨ ᠤ ᠰᠡᠳᠡᠯᠲᠡ ᠥᠭᠬᠦ ᠪᠤᠶᠤ ᠬᠠᠷᠰᠢᠮᠠᠲᠠᠭᠠᠶ ᠤᠷᠪᠠᠯ ᠡᠭᠦᠰᠭᠡᠵᠦ᠂ ᠪᠠᠰᠠ ᠵᠢᠷᠦᠬᠡ ᠴᠢᠰᠤᠨ ᠰᠤᠳᠠᠯ᠂ ᠠᠮᠢᠰᠬᠤᠯ ᠤᠨ ᠰᠢᠰᠲ᠋ᠧᠮ᠂ ᠲᠥᠪ ᠮᠡᠳᠡᠷᠡᠯ ᠤᠨ ᠰᠢᠰᠲ᠋ᠧᠮ ᠪᠣᠯᠤᠨ ᠡᠭᠡᠯᠢᠯᠡᠭᠡ ᠶᠢᠨ ᠰᠢᠰᠲ᠋ᠧᠮ ᠤᠨ ᠡᠪᠡᠳᠴᠢᠨ ᠡᠮᠭᠡᠭ ᠢ ᠡᠭᠦᠰᠭᠡᠵᠦ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢ ᠨᠥᠯᠥᠭᠡᠯᠡᠳᠡᠭ᠃ ᠡᠭᠦᠨ ᠠᠴᠠ ᠭᠠᠳᠠᠨ᠎ᠠ᠂ ᠡᠯᠡᠰᠦᠨ ᠰᠢᠭᠤᠷᠭ᠎ᠠ ᠳᠡᠭᠳᠡᠬᠦ ᠦᠶᠡᠰ᠂ ᠠᠭᠠᠷ ᠭᠠᠩ ᠬᠠᠭᠤᠷᠠᠶ ᠠᠴᠠ ᠪᠣᠯᠵᠤ ᠠᠮᠠᠷᠬᠠᠨ ᠤᠷᠤᠭᠤᠯ ᠬᠠᠭᠠᠷᠠᠬᠤ᠂ ᠬᠠᠮᠠᠷ ᠪᠠ ᠬᠤᠭᠤᠯᠠᠶ ᠵᠠᠭᠠᠲᠤᠨᠠᠬᠤ ᠵᠡᠷᠭᠡ ᠪᠠᠶᠢᠳᠠᠯ ᠭᠠᠷᠳᠠᠭ᠃      ᠶᠠᠮᠠᠷ ᠬᠥᠮᠦᠰ ᠡᠯᠡᠰᠦᠨ ᠰᠢᠭᠤᠷᠭ᠎ᠠ ᠳᠤ ᠰᠡᠷᠭᠡᠭ ᠪᠠᠶᠢᠳᠠᠭ ᠪᠣᠶ︖      ᠨᠠᠰᠤᠲᠠᠶᠢᠴᠤᠳ᠂ ᠬᠡᠦᠬᠡᠳ᠂ ᠵᠢᠷᠮᠦᠰᠦᠨ ᠪᠦᠰᠡᠭᠦᠢ᠂ ᠠᠮᠢᠰᠬᠤᠯ ᠤᠨ ᠰᠢᠰᠲ᠋ᠧᠮ ᠤᠨ ᠡᠪᠡᠳᠴᠢᠨ ᠵᠢᠴᠢ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠦᠰ ᠡᠯᠡᠰᠦᠨ ᠰᠢᠭᠤᠷᠭ᠎ᠠ ᠳᠤ ᠨᠡᠩ ᠰᠡᠷᠭᠡᠭ ᠪᠠᠶᠢᠳᠠᠭ᠃ ᠡᠯᠡᠰᠦᠨ ᠰᠢᠭᠤᠷᠭ᠎ᠠ ᠳᠡᠭᠳᠡᠬᠦ ᠦᠶᠡᠰ᠂ ᠡᠳᠡᠭᠡᠷ ᠬᠥᠮᠦᠰ ᠠᠯᠢ ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠭᠢᠵᠦ᠂ ᠬᠡᠷᠪᠡ ᠤᠳᠠᠭᠠᠨ ᠴᠢᠨᠠᠷᠲᠠᠶ ᠬᠠᠨᠢᠶᠠᠬᠤ ᠪᠤᠶᠤ ᠴᠡᠷ ᠲᠠᠢ ᠬᠠᠨᠢᠶᠠᠬᠤ᠂ ᠠᠮᠢᠰᠬᠤᠯ ᠴᠢᠬᠤᠯᠳᠠᠬᠤ᠂ ᠴᠡᠭᠡᠵᠢ ᠡᠪᠡᠳᠬᠦ ᠪᠠᠶᠢᠳᠠᠯ ᠢᠯᠡᠷᠡᠪᠡᠯ ᠠᠯᠢ ᠲᠦᠷᠭᠡᠨ ᠢᠶᠠᠷ ᠡᠮᠨᠡᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ᠂ ᠠᠵᠢᠯ ᠤᠨ ᠬᠡᠷᠡᠭᠴᠡᠭᠡ ᠠᠴᠠ ᠪᠣᠯᠵᠤ ᠡᠷᠬᠡᠪᠰᠢ ᠭᠡᠷ ᠤᠨ ᠭᠠᠳᠠᠨ᠎ᠠ ᠠᠵᠢᠯᠯᠠᠳᠠᠭ ᠬᠥᠮᠦᠰ᠂ ᠵᠢᠱᠢᠶᠡᠯᠡᠪᠡᠯ ᠵᠠᠮ ᠬᠠᠷᠢᠯᠴᠠᠭᠠᠨ ᠤ ᠴᠠᠭᠳᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠪᠠᠷᠢᠯᠭ᠎ᠠ ᠶᠢᠨ ᠠᠵᠢᠯᠴᠢᠨ ᠵᠡᠷᠭᠡ ᠬᠥᠮᠥᠰ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃            ︵︽ᠦᠪᠤᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠭᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号