ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠬᠦ ᠪᠣᠢ︖
ᠨᠡᠶᠢᠲᠡᠯᠡᠭᠰᠡᠨ ᠴᠠᠭ᠄
2024/4/11
     ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂ 4 ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ  ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃  ᠲᠡᠭᠡᠪᠡᠯ ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂                      ᠨᠢᠭᠡ ᠳᠤ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ  ᠦᠭᠡᠢ᠃ ᠭᠠᠳᠠᠭᠰᠢ ᠭᠠᠷᠬᠤ   ᠪᠠᠨ ᠴᠥᠭᠡᠳᠬᠡᠵᠦ᠂ ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ ᠪᠠᠨ ᠪᠢᠲᠡᠭᠦᠮᠵᠢᠯᠡᠵᠦ᠂ ᠴᠢᠳᠠᠪᠠᠯ ᠭᠡᠷ ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ᠃                      ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ ᠤᠷᠲᠤ ᠬᠠᠨᠴᠤᠢ ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ ᠵᠢᠯᠣᠭᠤᠳᠬᠤ ᠳᠠᠭᠠᠨ ᠴᠣᠩᠬᠤ ᠶᠢ ᠨᠢ ᠴᠢᠩᠭ᠎ᠠ ᠬᠠᠭᠠᠬᠤ ᠬᠡᠷᠡᠭᠲᠡᠢ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ ᠳᠠᠷᠤᠶᠢᠬᠠᠨ  ᠰᠣᠯᠢᠵᠤ᠂  ᠨᠢᠭᠤᠷ ᠢᠶᠠᠨ ᠤᠬᠢᠶᠠᠵᠤ᠂ ᠠᠮᠠ ᠬᠠᠮᠠᠷ ᠢᠶᠠᠨ ᠵᠠᠶᠢᠯᠬᠤ ᠬᠡᠷᠡᠭᠲᠡᠢ᠃                      ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ ᠰᠠᠶᠢᠨ ᠤᠨᠲᠠᠵᠤ ᠠᠮᠠᠷᠠᠨ᠂ ᠢᠳᠡᠭᠡᠨ ᠤᠮᠳᠠᠭᠠᠨ ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ ᠳᠤ ᠪᠡᠶ᠎ᠡ ᠪᠠᠨ ᠪᠣᠯᠪᠠᠰᠤᠷᠠᠭᠤᠯᠬᠤ ᠬᠡᠷᠡᠭᠲᠡᠢ᠃                      ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ  ᠬᠠᠷᠰᠢᠳᠠᠭ  ᠪᠠ ᠠᠭᠰᠠᠭ᠎ᠠ ᠡᠪᠡᠳᠴᠢᠨ ᠲᠠᠢ ᠬᠥᠮᠥᠰ ᠬᠤᠪᠴᠠᠰᠤ ᠬᠤᠨᠠᠷ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号