ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2024 ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12  ᠤᠨ ᠡᠳᠦᠷ᠂ ᠷᠡᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠸᠠᠩ ᠰᠢᠶᠣᠣ ᠬᠤᠸᠠᠨ 2024 ᠣᠨ ᠤ ᠠᠩᠬᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ︽ᠲᠣᠷᠭᠠᠭᠤᠯᠢ ᠶᠢᠨ ᠵᠣᠭᠤᠰ ᠢ ᠲᠣᠭᠲᠠᠭᠠᠬᠤ ᠵᠢᠴᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︽ᠰᠦᠨ ᠱᠣᠸ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠣᠷᠣᠨ ᠤ ᠰᠢᠭᠤᠳ ᠬᠠᠷᠢᠶ᠎ᠠ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠲᠣᠬᠠᠢ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶ᠎ᠠ︾ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠬᠤ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ 2023 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠶᠢ ᠭᠠᠷᠭᠠᠬᠤ︾ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢᠨ ᠶᠡᠷᠦᠩᠬᠡᠢ ᠪᠠᠶᠢᠳᠠᠯ ᠵᠢᠴᠢ 2024 ᠣᠨ ᠤ 1 ︱ 2 ᠳ᠋ᠤᠭᠠᠷ ᠰᠠᠷ᠎ᠠ ᠶᠢᠨ ᠬᠢᠷᠢ ᠪᠦᠲᠦᠮᠵᠢ ᠶᠢ ᠵᠠᠷᠯᠠᠨ ᠮᠡᠳᠡᠭᠳᠡᠪᠡ᠃      ᠬᠤᠷᠠᠯ ᠠᠴᠠ᠂ ᠪᠦᠬᠦ ᠬᠤᠳᠠ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠢ ᠪᠠᠷ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠷ ᠰᠡᠳᠬᠢᠯ ᠨᠢᠭᠡᠳᠴᠣ ᠬᠦᠴᠣ ᠪᠠᠨ ᠬᠠᠮᠳᠣᠳᠬᠠᠨ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠪᠦᠷᠢᠯᠳᠦᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠠᠵᠢᠯᠯᠠᠭ᠎ᠠ ᠳᠡᠭᠡᠷ᠎ᠡ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠣᠨ ᠠᠵᠢᠯ ᠤᠨ ᠳᠤᠮᠳᠠ ᠪᠠᠨ ᠢᠯᠡᠷᠡᠭᠦᠯᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠬᠦ ᠬᠤᠳᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ ᠵᠡᠷᠭᠡ ᠡᠯ᠎ᠡ ᠬᠦᠷᠢᠶᠡᠨ ᠤ ᠭᠡᠮ ᠰᠣᠭᠤᠭ ᠤᠨ ᠪᠠᠶᠢᠴᠠᠭᠠᠯᠲᠠ ᠶᠢ ᠦᠷᠭᠦᠯᠵᠢᠯᠡᠨ ᠰᠠᠶᠢᠲᠤᠷ ᠬᠢᠵᠣ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠠᠯ ᠢ ᠰᠢᠯᠢᠳᠡᠭᠵᠢᠭᠦᠯᠬᠦ᠂ ᠵᠢᠷᠭᠤᠭᠠᠨ ᠢᠨᠵᠧᠨᠧᠷᠢᠩ᠂ ᠦᠨᠳᠦᠰᠦᠲᠡᠨ ᠤ ᠪᠦᠯᠬᠦᠮᠳᠡᠯ᠂ ᠠᠷᠠᠳ ᠤᠨ ᠠᠮᠢᠳᠤᠷᠠᠯ ᠤᠨ ᠪᠠᠭ᠎ᠠ ᠶᠠᠪᠤᠳᠠᠯ ᠵᠡᠷᠭᠡ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号