ᠸᠠᠩ ᠰᠢᠶᠣᠣ ᠬᠤᠸᠠᠨ 2024 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12 ᠤᠨ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2024 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠷᠠᠰᠢᠶᠠᠨ ᠤ ᠮᠠᠷᠠᠽᠣᠨ ᠤ ᠤᠷᠤᠯᠳᠤᠭᠠᠨ ᠤ ᠵᠥᠪᠯᠡᠯᠴᠡᠭᠡᠷ︾᠂ ︽ᠷᠠᠰᠢᠶᠠᠨ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠥᠯ︾᠂ ︽ᠷᠠᠰᠢᠶᠠᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠱᠠᠩᠨᠠᠯ ᠨᠥᠬᠦᠪᠦᠷᠢ ᠶᠢᠨ ᠲᠥᠰᠥᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠰᠤᠳᠤᠯᠤᠨ ᠰᠣᠨᠣᠰᠴᠠᠢ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢᠶᠠᠷ ᠬᠥᠭᠵᠢᠬᠦᠯᠬᠦ︾ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯ ᠢ ᠡᠷᠡᠰ ᠰᠠᠶᠢᠲᠤᠷ ᠬᠢᠵᠦ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠢᠭᠤᠷᠬᠠᠢ ᠰᠠᠶᠢᠲᠤᠷ ᠵᠠᠮᠨᠠᠨ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠴᠠᠭ ᠬᠤᠭᠤᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠪᠡᠯ ᠢᠯᠠᠯᠲᠠ ᠣᠯᠬᠤ ᠢᠲᠡᠭᠡᠯ ᠵᠣᠷᠢᠭ ᠢᠶᠠᠷ ᠴᠢᠷᠮᠠᠶᠢᠬᠤ ᠬᠡᠷᠡᠭᠲᠡᠢ᠃ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠠᠴᠠ ᠰᠠᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠂ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠣᠷᠣᠯᠭ᠎ᠠ ᠶᠢᠨ ᠵᠥᠷᠢᠶ᠎ᠡ ᠶᠢ ᠪᠠᠭᠠᠰᠬᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠪᠣᠳᠠᠲᠠᠢ ᠠᠵᠢᠯ ᠤᠨ ᠶᠠᠪᠤᠳᠠᠯ ᠢ ᠰᠤᠳᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号