ᠢᠷᠪᠢᠰ ᠵᠡᠭᠡᠯᠢ ᠶᠢᠨ ᠨᠦ᠋ᠮᠦᠷᠭᠡᠨ ᠨᠡᠶᠢᠭᠡᠮ ᠲᠣᠭᠤᠷᠢᠭ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
     ᠵᠠᠯᠠᠭᠤᠴᠤᠳ ᠤᠨ ᠡᠪᠯᠡᠯ ᠤᠨ ᠭᠡᠰᠢᠭᠦᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 15  ᠤ  ᠡᠳᠣᠷ᠂ ᠢᠷᠪᠢᠰ ᠵᠡᠭᠡᠯᠢ ᠶᠢᠨ ᠨᠦ᠋ᠮᠦᠷᠭᠡᠨ  ᠨᠡᠶᠢᠭᠡᠮ ᠲᠣᠭᠤᠷᠢᠭ ᠤᠨ ᠡᠪᠯᠡᠯ ᠤᠨ ᠡᠭᠦᠷ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ  ︾ ᠭᠡᠬᠦ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃      ᠲᠣᠰ ᠤᠳᠠᠭᠠᠨ ᠤ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠨᠢ ᠵᠠᠯᠠᠭᠤᠴᠤᠳ ᠤᠨ ᠡᠪᠯᠡᠯ ᠤᠨ ᠭᠡᠰᠢᠭᠦᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠪᠠ᠃ ᠵᠠᠯᠭᠠᠭᠠᠳ‌ᠢᠷᠪᠢᠰ ᠵᠡᠭᠡᠯᠢ ᠶᠢᠨ ᠨᠦ᠋ᠮᠦᠷᠭᠡᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠭᠦᠨ ᠵᠤᠵᠠᠭᠠᠨ ᠠᠭᠤᠷ ᠠᠮᠢᠰᠬᠤᠯ ᠢ ᠦᠨᠠᠨ ᠬᠦ ᠪᠤᠢ ᠪᠣᠯᠭᠠᠵᠡᠢ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号