ᠰᠢᠨ ᠴᠧᠩ ᠬᠠᠤᠯᠢ ᠴᠠᠭᠠᠵᠠ ᠶᠢᠨ ᠭᠠᠵᠠᠷ ᠬᠠᠤᠯᠢ ᠴᠠᠭᠠᠵᠠ  ᠶᠢᠨ ᠶᠡᠷᠦ  ᠶᠢᠨ ᠮᠡᠳᠡᠯᠭᠡ  ᠶᠢ ᠲᠦᠭᠡᠮᠡᠯᠵᠢᠭᠦᠯᠬᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2024/4/16
     ᠤᠯᠤᠰ ᠤᠨ ᠠᠮᠤᠷ ᠲᠦᠪᠰᠢᠨ ᠤ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠲᠡᠭᠡᠳᠣ ᠱᠠᠳᠣᠨ  ᠤ ᠱᠠᠭᠠᠷᠳᠡᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠰᠢᠨ ᠴᠧᠩ ᠬᠠᠤᠯᠢ ᠴᠠᠭᠠᠵᠠ ᠶᠢᠨ ᠭᠠᠵᠠᠷ  ︽ᠤᠯᠤᠰ ᠤᠨ ᠠᠮᠤᠷ ᠲᠦᠪᠰᠢᠨ ᠤ ᠦᠵᠡᠯᠲᠡ ᠶᠢᠨ 10 ᠵᠢᠯ ᠤᠨ ᠣᠶ ᠶᠢ ᠪᠡᠯᠭᠡᠯᠡᠬᠦ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠰ ᠤᠳᠠᠭᠠᠨ ᠤ ᠣᠬᠠᠭᠤᠯᠭ᠎ᠠ ᠶᠢᠨ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠡᠵᠦ ᠬᠤᠶᠠᠷ ᠬᠡᠰᠡᠭ ᠲᠤ ᠬᠤᠪᠢᠶᠠᠵᠡᠢ᠃      ᠰᠦᠯᠵᠢᠶᠡᠨ ᠳᠡᠭᠡᠷ᠎ᠡ ᠰᠢᠨ ᠴᠧᠩ ᠵᠡᠭᠡᠯᠢ ᠶᠢᠨ ᠠᠮᠤᠷ ᠲᠦᠪᠰᠢᠨ ᠤ ᠠᠯᠪᠠᠨ ᠭᠡᠷ ᠲᠠᠢ ᠬᠤᠯᠪᠤᠭᠠᠯᠠᠨ ᠪᠠᠯᠭᠠᠰᠤ ᠵᠡᠭᠡᠯᠢ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠤᠯᠤᠰ ᠤᠨ ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠠᠯᠪᠠᠨ ᠤ ᠲᠠᠯ᠎ᠠ ᠶᠢᠨ ᠤᠬᠠᠭᠤᠯᠭ᠎ᠠ ᠶᠢᠨ ᠵᠠᠷᠯᠠᠯ ᠵᠡᠷᠭᠡ ᠶᠢ ᠢᠳᠡᠪᠬᠢᠲᠡᠢ ᠪᠠᠷ ᠳᠠᠮᠵᠢᠭᠤᠯᠤᠨ ᠲᠠᠷᠬᠠᠭᠠᠵᠤ᠂ ᠬᠠᠤᠯᠢ ᠲᠦᠭᠡᠮᠡᠯᠵᠢᠭᠦᠯᠬᠦ ᠠᠷᠭ᠎ᠠ ᠵᠠᠮ ᠢ ᠥᠷᠭᠡᠳᠬᠡᠨ᠂ ᠬᠠᠤᠯᠢ ᠲᠦᠭᠡᠮᠡᠯᠵᠢᠭᠦᠯᠬᠦ ᠠᠷᠭ᠎ᠠ ᠮᠠᠶ᠋ᠢᠭ ᠢ ᠪᠠᠶᠠᠯᠢᠭᠵᠢᠭᠤᠯᠵᠤ ᠣᠯᠠᠨ ᠲᠦᠮᠡᠨ ᠤ ᠬᠠᠤᠯᠢ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃      ᠰᠦᠯᠵᠢᠶᠡᠨ ᠭᠠᠳᠠᠨ᠎ᠠ ᠰᠢᠨ ᠴᠧᠩ ᠵᠡᠭᠡᠯᠢ ᠶᠢᠨ ᠤᠬᠠᠭᠤᠯᠭ᠎ᠠ ᠶᠢᠨ ᠠᠯᠪᠠᠨ ᠭᠡᠷ ︽ᠤᠯᠤᠰ ᠤᠨ ᠠᠮᠤᠷ ᠲᠦᠪᠰᠢᠨ ᠤ ᠬᠠᠤᠯᠢ︾ ᠶᠢ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯᠲᠠᠳ ᠢ ᠵᠣᠬᠢᠶᠠᠨ ᠪᠠᠶᠢᠭᠤᠯᠤᠨ ︽ᠤᠯᠤᠰ ᠤᠨ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠦᠬᠦᠢ ᠸᠢᠳᠢᠤ᠋ ᠶᠢ ᠦᠵᠡᠭᠦᠯᠬᠦ ᠶᠢᠨ ᠬᠠᠮᠲᠤ ᠤᠯᠠᠨ ᠲᠦᠮᠡᠨ ᠳᠤ ᠬᠠᠮᠢᠶ᠎ᠠ ᠪᠦᠬᠦᠢ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃      ᠳᠠᠷᠠᠭᠠᠴᠢ ᠶᠢᠨ ᠠᠯᠬᠤᠮ ᠳᠤ᠂ ᠰᠢᠨ ᠴᠧᠩ ᠬᠠᠤᠯᠢ ᠴᠠᠭᠠᠵᠠ ᠶᠢᠨ ᠭᠠᠵᠠᠷ  ᠠᠵᠢᠯ ᠤᠨ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
 
ᠢᠷᠡᠯᠲᠡ᠄ ᠷᠡᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号