ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢᠭᠤᠴᠠ ᠶᠢ ᠬᠠᠮᠠᠭᠠᠯᠠᠬᠤ ᠨᠡᠶᠢᠲᠡ  ᠶᠢᠨ  ᠠᠰᠠᠷᠡᠮᠵᠢ  ᠶᠢᠨ ᠣᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/4/16
     ᠺᠠᠳ᠋ᠷ ᠠᠵᠢᠯᠲᠠᠨ ᠢ ᠪᠥᠬᠦ ᠲᠠᠯ᠎ᠠ  ᠪᠠᠷ ᠲᠠᠶᠢᠴᠢᠯᠡᠨ ᠵᠢᠯᠤᠭᠤᠳᠴᠤ᠂ ᠨᠢᠭᠤᠴᠠ ᠶᠢ ᠬᠠᠮᠠᠭᠠᠯᠠᠬᠤ ᠤᠬᠠᠮᠰᠠᠷ ᠢ  ᠨᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠦᠯᠣᠭᠡ᠂ 4 ᠰᠠᠷ᠎ᠠ ᠶᠢᠨ 15 ᠤ ᠡᠳᠦᠷ᠂ ᠷᠡᠰᠢᠶᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠨᠢᠭᠤᠴᠠ ᠶᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ︽ᠨᠢᠭᠡ ᠰᠧᠺᠦ᠋ᠨ᠋ᠳ᠋ ︾ ᠪᠣᠯᠣᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠪᠢᠴᠢᠯ ᠸᠧᠳᠢᠤ᠋ ︽ᠨᠢᠭᠤᠴᠠ ᠶᠢ ᠬᠠᠮᠠᠭᠠᠯᠠᠬᠤ ᠨᠢ᠂ ᠦᠨᠡᠨ ᠳᠡᠭᠡᠨ ᠴᠢ ᠪᠢᠳᠡ ᠬᠤᠶᠠᠷ ᠤᠨ ᠬᠠᠵᠠᠭᠤ ᠳᠤ ᠪᠠᠶᠢᠨ᠎ᠠ︾ ︽ᠭᠠᠷ ᠤᠲᠠᠰᠤᠨ ᠤ  ﹇ᠨᠢᠭᠤᠴᠠ ᠶᠢ ᠬᠠᠮᠠᠭᠠᠯᠠᠬᠤ ᠪᠣᠭᠤᠮᠲᠠ﹈︾ ᠵᠡᠷᠭᠡ ᠶᠢ ᠲᠥᠪᠯᠡᠷᠡᠭᠦᠯᠦᠨ ᠦᠵᠡᠭᠦᠯᠪᠡ᠃      ᠨᠢᠭᠤᠴᠠ  ᠶᠢ ᠬᠠᠮᠠᠭᠠᠯᠠᠬᠤ ᠤᠬᠠᠭᠤᠯᠭ᠎ᠠ ᠶᠢᠨ ᠹᠢᠯᠢᠮ ᠳᠤ ᠨᠢᠭᠤᠴᠠ  ᠶᠢ ᠵᠠᠳᠠᠷᠠᠭᠤᠯᠤᠭᠰᠠᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠶᠠᠷᠢᠬᠤ ᠪᠠᠷ ᠳᠡᠮᠵᠢᠨ᠂ ᠨᠢᠭᠤᠴᠠ ᠶᠢ ᠵᠠᠳᠠᠷᠠᠭᠤᠯᠤᠭᠰᠠᠨ ᠰᠢᠯᠲᠠᠭᠠᠨ ᠪᠠ ᠠᠷᠭ᠎ᠠ ᠵᠠᠮ ᠵᠢᠴᠢ ᠤᠯᠤᠰ ᠤᠨ ᠠᠮᠤᠷ ᠲᠦᠪᠰᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠭᠦᠨᠵᠡᠭᠡᠢ ᠵᠠᠳᠠᠯᠵᠤ᠂ ᠪᠣᠳᠠᠲᠤ ᠪᠠᠶᠢᠳᠠᠯ ᠠᠴᠠ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠤᠯᠠᠨ ᠢ ᠬᠥᠮᠥᠵᠢᠭᠦᠯᠦᠨ ᠰᠤᠷᠭᠠᠮᠵᠢ ᠠᠪᠴᠤ᠂ ᠲᠤᠷᠰᠢᠯᠭ᠎ᠠ ᠪᠠᠨ ᠳ᠋ᠦᠩᠨᠡᠨ᠂ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠬᠦᠨᠳᠦ ᠪᠠᠶᠢᠳᠠᠯ ᠢ ᠭᠦᠢᠴᠡᠳ ᠲᠠᠨᠢᠵᠤ᠂ ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠪᠠ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠡᠢ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠪᠠ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠤᠨ᠂ ᠪᠦᠬᠦ ᠠᠵᠢᠯᠲᠠᠨ ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠠᠢ᠃ ᠤᠯᠠᠨ ᠢᠶᠠᠷ ᠢᠶᠠᠨ᠂ ᠡᠳᠦᠷ ᠳᠤᠳᠤᠮ ᠤᠨ ᠠᠵᠢᠯ ᠤᠨ ᠳᠤᠮᠳᠠ ᠪᠠᠨ ᠨᠢᠭᠤᠴᠠ ᠶᠢ ᠬᠠᠮᠠᠭᠠᠯᠠᠬᠤ ᠤᠬᠠᠮᠰᠠᠷ ᠪᠣᠯᠣᠨ ᠬᠠᠤᠯᠢ ᠪᠠᠷ ᠵᠠᠰᠠᠬᠤ ᠦᠵᠡᠯᠲᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠣᠯᠣᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠤᠷ᠎ᠠ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠵᠢᠯ ᠤᠨ ᠳᠠᠳᠬᠠᠯ ᠲᠠᠢ ᠪᠣᠯᠵᠤ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠢᠯᠡᠳᠭᠡᠪᠡ᠃  
 
ᠢᠷᠡᠯᠲᠡ᠄ ᠷᠡᠰᠢᠶᠠᠨ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号