ᠣᠶᠣᠨᠴᠢᠯᠡᠬᠰᠠᠨ ᠲᠠᠪᠴᠠᠩ ᠢᠶᠠᠷ ᠦᠨᠳᠣᠰᠣᠨ ᠱᠠᠳᠣᠨ ᠤ ᠵᠠᠰᠠᠯᠳᠡ ᠶᠢᠨ ᠠᠬᠢᠴᠠ ᠶᠢ ᠲᠦᠷᠭᠡᠳᠭᠡᠵᠣ ᠪᠠᠶᠢᠭ᠎ᠠ ᠷᠡᠰᠢᠶᠠᠨ ᠬᠤᠳᠡ
ᠨᠡᠶᠢᠲᠡᠯᠡᠭᠰᠡᠨ ᠴᠠᠭ᠄
2024/4/18
     ᠷᠠᠰᠢᠶᠠᠨ ᠬᠤᠳᠠ ᠪᠣᠯ ᠬᠢᠯᠢ ᠬᠢᠵᠠᠭᠠᠷ ᠤᠨ ᠵᠢᠭᠤᠯᠴᠢᠯᠠᠯ ᠤᠨ ᠬᠤᠳᠠ ᠪᠣᠯᠬᠤᠷ ᠵᠢᠯ ᠪᠦᠷᠢ ᠡᠯ᠎ᠠ ᠭᠠᠵᠠᠷ ᠤᠷᠤᠨ ᠠᠴᠠ ᠬᠦᠷᠦᠯᠴᠡᠨ ᠢᠷᠡᠭᠰᠡᠨ ᠵᠤᠭᠠᠴᠠᠬᠰᠠᠳ ᠮᠠᠰᠢ ᠤᠯᠠᠨ᠂ ᠬᠦᠮᠦᠨ ᠤ ᠤᠷᠤᠰᠬᠠᠯ ᠮᠡᠰᠢ ᠶᠡᠭᠡ᠂ ᠨᠡᠶᠢᠭᠡᠮ ᠤᠨ ᠪᠠᠶᠢᠳᠠᠯ ᠴᠤ ᠨᠡᠯᠢᠶᠡᠳ ᠪᠤᠳᠤᠯᠢᠶᠠᠨᠲᠠᠢ ᠪᠠᠶᠢᠳᠠᠭ᠃ ᠤᠢᠢᠷ᠎ᠠ ᠶᠢᠨ ᠵᠢᠯ ᠠᠴᠠ᠂ ᠷᠠᠰᠢᠶᠠᠨ ᠬᠤᠳᠠ ᠶᠢᠨ ᠬᠢᠨ ᠨᠡᠶᠢᠭᠡᠮ ᠤᠨ ᠦᠨᠳᠦᠰᠤᠨ ᠱᠠᠳᠤᠨ ᠤ ᠵᠠᠰᠠᠯᠲᠠ ᠳᠤ ᠲᠣᠭᠠᠴᠠᠯᠠᠭᠰᠠᠨ ᠥᠭᠡᠷᠡᠴᠢᠯᠡᠯᠲᠡ ᠬᠢᠵᠦ᠂ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠲᠠᠪᠴᠠᠩ᠂ ᠬᠢᠨᠠᠨ ᠡᠵᠡᠮᠳᠡᠬᠦᠷ ᠤᠨ ᠲᠣᠣᠷ ᠤᠨ ᠲᠠᠪᠴᠠᠩ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ᠂ ᠤᠶᠤᠨᠴᠢ ᠬᠠᠤᠯᠢ ᠬᠡᠷᠡᠭᠵᠢᠭᠦᠯᠬᠦ ᠲᠠᠪᠴᠠᠩ᠂ ᠤᠶᠤᠨᠴᠢ ᠵᠤᠭᠠᠴᠠᠯ ᠤᠨ ᠲᠠᠪᠴᠠᠩ ᠵᠡᠷᠭᠡ ᠲᠠᠪᠤᠨ ᠲᠠᠪᠴᠠᠩ ᠢ ᠨᠡᠶᠢᠭᠡᠮ ᠤᠨ ᠵᠠᠰᠠᠯᠲᠠ ᠶᠢᠨ ᠲᠥᠪ ᠲᠤ ᠣᠷᠣᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠬᠵᠢᠭᠤᠯᠬᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠡᠢ᠃ ᠡᠭᠦᠨ ᠤ ᠤᠯᠠᠮ ᠠᠴᠠ ᠬᠤᠳᠠ ᠶᠢᠨ ᠲᠣᠭᠤᠷᠢᠭ᠂ ᠨᠡᠶᠢᠭᠡᠮ ᠲᠣᠭᠤᠷᠢᠭ᠂ ᠦᠵᠡᠮᠵᠢ ᠶᠢᠨ ᠣᠷᠣᠨ ︽ᠭᠤᠷᠪᠠᠨ ᠲᠣᠭᠤᠷᠢᠭ︾ ᠢ ᠠᠭᠤᠰᠤᠯᠴᠠᠭᠤᠯᠤᠨ ᠵᠠᠰᠠᠬᠤ ᠶᠢ ᠪᠡᠶᠡᠯᠡᠭᠦᠯᠵᠦ᠂ ᠬᠤᠳᠠ ᠶᠢᠨ ᠠᠷᠠᠳ ᠪᠣᠯᠤᠨ ᠵᠤᠭᠠᠴᠠᠭᠰᠠᠳ ᠤᠨ ᠤᠯᠠᠨ ᠡᠰᠢᠴᠢᠯᠡᠭᠰᠡᠨ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠦᠨᠳᠦᠷ ᠪᠣᠯᠭᠠᠵᠠᠢ᠃      2023 ᠣᠨ ᠤ 11 ᠰᠠᠷ᠎ᠠ ᠶᠢᠨ 8 ᠤ ᠡᠳᠦᠷ᠂ ᠷᠠᠰᠢᠶᠠᠨ ᠬᠤᠳᠠ ᠶᠢᠨ ᠰᠠᠭᠤᠭᠠᠯᠢ ᠠᠷᠠᠳ ᠶᠠᠩ ᠣᠪᠣᠭᠲᠤ ᠠᠵᠢᠯ ᠲᠦᠷᠦᠯ ᠤᠨ ᠲᠡᠷᠭᠡ ᠪᠠᠨ ᠵᠢᠯᠣᠭᠤᠳᠤᠨ ᠠᠵᠢᠯᠯᠠᠵᠤ ᠪᠠᠶᠢᠬᠤ ᠳᠠᠭᠠᠨ ᠰᠠᠨᠠᠮᠰᠠᠷ ᠦᠭᠡᠢ ᠪᠠᠷ ᠡᠦ ᠣᠪᠣᠭᠲᠤ ᠶᠢᠨ ᠭᠡᠷ ᠪᠠᠶᠢᠰᠢᠩ ᠢ ᠡᠪᠳᠡᠭᠰᠡᠨ ᠪᠠᠶᠢᠨ᠎ᠠ᠂ ᠶᠠᠩ ᠤᠪᠤᠬᠳᠦ ᠪᠤᠯᠤᠨ ᠡᠣ ᠤᠪᠤᠬᠳᠦ ᠡᠪᠳᠡᠭᠳᠡᠭᠰᠡᠨ ᠭᠡᠰᠡᠭ ᠢ ᠵᠠᠰᠠᠬᠤ ᠵᠢᠴᠢ ᠲᠦᠯᠦᠪᠦᠷᠢ ᠶᠢᠨ ᠤᠴᠢᠷ ᠲᠤ ᠵᠦᠷᠢᠴᠡᠯ ᠵᠢᠭᠤᠷᠠᠯᠳᠤᠭᠠᠨ ᠪᠤᠯᠵᠦ᠂ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠳᠤ ᠪᠠᠶᠢᠳᠡᠯ ᠢ ᠮᠠᠳᠡᠭᠦᠯᠵᠥ ᠬᠠᠪᠰᠤᠷᠤᠮᠵᠢ ᠭᠤᠶᠤᠴᠢᠯᠠᠵᠠᠢ᠃ ᠪᠠᠶᠢᠳᠡᠯ ᠢ ᠨᠢ ᠤᠶᠢᠯᠠᠭᠠᠬᠰᠠᠨ ᠤ ᠳᠠᠷᠠᠭ᠎ᠠ᠂ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠶᠢᠨ ᠬᠢᠨ ᠯᠢᠨ ᠬᠠᠢ ᠬᠠᠤᠯᠢ ᠴᠠᠭᠠᠵᠠ ᠶᠢᠨ ᠭᠠᠵᠠᠷ ᠪᠤᠯᠤᠨ ᠷᠠᠰᠢᠶᠠᠨ ᠬᠤᠳᠠ ᠶᠢᠨ ᠨᠢᠭᠡ ᠦᠷᠳᠡᠭᠡ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠲᠠᠢ ᠬᠠᠷᠢᠯᠴᠠᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠢᠶᠠᠷ ᠳᠠᠮᠵᠢᠭᠤᠯᠤᠨ ᠡᠶᠡᠳᠡᠬᠦᠯᠭᠡ ᠬᠢᠪᠡ᠃ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠨ ᠡᠶᠡᠳᠡᠭᠦᠯᠭᠡ ᠶᠢᠨ ᠬᠡᠯᠡᠯᠴᠡᠭᠡᠷ ᠲᠣᠭᠲᠠᠭᠠᠵᠤ᠂ ᠶᠠᠩ ᠣᠪᠣᠭᠲᠤ ᠲᠤᠬᠠᠶ ᠶᠢᠨ ᠲᠠᠯᠠᠪᠤᠷ ᠲᠤ 4000 ᠲᠥᠭᠦᠷᠢᠭ ᠤᠨ ᠲᠥᠯᠥᠪᠦᠷᠢ ᠥ ‍ᠬ᠋ᠴᠥ ᠲᠤᠰ ᠤᠳᠠᠭᠠᠨ ᠤ ᠵᠥᠷᠢᠴᠡᠯ ᠵᠢᠭᠤᠷᠠᠯᠳᠤᠭᠠᠨ ᠢ ᠵᠠᠭᠠᠯᠳᠤᠯᠭ᠎ᠠ ᠠᠴᠠ ᠡᠮᠦᠨ᠎ᠡ ᠠᠮᠵᠢᠯᠲᠠ ᠲᠠᠢ ᠪᠠᠷ ᠰᠢᠢᠳᠪᠦᠷᠢᠯᠡᠪᠡ᠃      ᠤᠶᠢᠷ᠎ᠠ ᠶᠢᠨ ᠡᠳᠦᠷ᠂ ᠨᠢᠭᠡᠨ ᠵᠤᠭᠠᠴᠠᠬᠴᠢ ᠳᠡᠷᠭᠡ ᠵᠢᠯᠤᠭᠤᠳᠤᠨ ᠷᠠᠰᠢᠶᠠᠨ ᠤᠯᠤᠰ ᠤᠨ ᠣᠶ ᠰᠢᠭᠤᠶ ᠶᠢᠨ ᠴᠡᠴᠡᠷᠯᠢᠭ ᠤᠨ ᠲᠢᠶᠠᠨ ‍ᠤᠤᠢ ᠦᠢᠯᠡᠴᠢᠯᠡᠭᠡᠨ ᠤ ᠭᠠᠵᠠᠷ ᠢᠶᠠᠷ ᠥᠩᠭᠡᠷᠡᠬᠦ ᠳᠡᠭᠡᠨ ᠬᠢᠴᠢᠶᠡᠮᠵᠢ ᠦᠭᠡᠢ ᠠᠴᠠ ᠪᠤᠯᠵᠦ ᠵᠠᠮ ᠤᠨ ᠬᠠᠵᠠᠭᠤ ᠳᠠᠬᠢ ᠳᠠᠮᠤᠷ ᠪᠠᠭᠠᠨ᠎ᠠ ᠲᠠᠢ ᠮᠦᠷᠬᠦᠵᠦ᠂ ᠳᠡᠷᠭᠡᠨ ᠬᠦᠷᠳᠦ ᠨᠢ ᠡᠪᠳᠡᠷᠡᠭᠰᠡᠨ ᠪᠠᠶᠢᠨ᠎ᠠ᠃ ᠭᠡᠷᠡᠭ ᠤᠨ ᠳᠠᠷᠠᠭ᠎ᠠ᠂ ᠵᠤᠭᠠᠴᠠᠬᠴᠢ ᠳᠡᠮᠤᠷ ᠪᠠᠭᠠᠨ᠎ᠠ ᠨᠢ ᠳᠠᠩᠳᠡᠬᠦᠦ ᠨᠢᠭᠤᠴᠠ ᠪᠠᠶᠢᠵᠦ᠂ ᠠᠮᠤᠷ ᠲᠦᠪᠰᠢᠨ ᠤ ᠭᠡᠮ ᠰᠤᠭᠤᠬ ᠤᠷᠤᠰᠢᠵᠦ ᠪᠠᠶᠢᠨ᠎ᠠ ᠭᠡᠳ ᠳᠤᠰ ᠭᠡᠷᠡᠭ ᠢ ᠣᠶᠤᠨᠴᠢ ᠵᠤᠭᠠᠴᠠᠯ ᠤᠨ ᠲᠠᠪᠴᠠᠩ ᠳᠤ ᠳᠠᠮᠵᠢᠭᠤᠯᠤᠨ ᠮᠡᠳᠡᠭᠳᠡᠪᠡ᠃ ᠲᠠᠪᠴᠠᠩ ᠤᠨ ᠬᠠᠮᠢᠶᠠᠷᠤᠯᠲᠠ ᠶᠢᠨ ᠭᠠᠵᠠᠷ ᠤᠨ ᠬᠢᠨ ᠳᠤᠰ ᠭᠡᠷᠡᠭ ᠢ ᠳᠡᠷᠡ ᠳᠠᠷᠤᠢ ᠷᠠᠰᠢᠶᠠᠨ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠠᠮᠵᠢᠭᠤᠯᠵᠠᠢ᠃ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠢᠢᠨ ᠠᠵᠢᠯᠲᠠᠨ ᠲᠤᠬᠠᠶ ᠶᠢᠨ ᠲᠠᠯᠠᠪᠤᠷ ᠲᠤ ᠬᠦᠷᠴᠦ ᠪᠠᠶᠢᠳᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠵᠤᠭᠠᠴᠠᠬᠴᠢ ᠳᠤ ᠣᠰᠣᠯ ᠬᠦᠯᠢᠶᠡᠬᠦ ᠶᠢᠨ ᠬᠠᠮᠲᠤ ︽ᠤᠷᠢᠳ ᠢᠶᠠᠷ ᠳᠥᠯᠥᠬᠦ︾ ᠳᠠᠭᠠᠳᠬᠠᠯ ᠢ ᠬᠡᠷᠡᠭᠯᠡᠵᠦ᠂ ᠲᠦᠯᠦᠪᠦᠷᠢ ᠦᠭᠴᠦ ᠵᠤᠭᠠᠴᠠᠬᠴᠢ ᠶᠢᠨ ᠬᠠᠨᠤᠮᠵᠢ ᠶᠢᠨ ᠭᠡᠮᠵᠢᠶ᠎ᠠ ᠶᠢ ᠶᠡᠭᠡᠪᠡᠷ ᠳᠡᠭᠡᠭᠰᠢᠯᠡᠬᠦᠯᠦᠭᠰᠡᠨ ᠪᠠᠶᠢᠨ᠎ᠠ᠃      ᠷᠠᠰᠢᠶᠠᠨ ᠬᠤᠲᠠ ᠶᠢᠨ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠲᠠᠪᠴᠠᠩ ᠨᠢ ᠪᠥᠬᠦ ᠬᠤᠲᠠ ᠶᠢᠨ ᠳᠤᠤᠷᠵᠢᠭᠤᠯᠤᠬᠴᠢ ᠳᠤ ᠳᠤᠭᠠᠴᠠᠯᠠᠬᠰᠠᠨ᠂ ᠤᠶᠤᠨᠴᠢᠯᠠᠭᠰᠠᠨ ᠲᠤᠯᠭᠠᠭᠤᠷᠢᠯᠠᠯ ᠬᠠᠩᠭᠠᠵᠤ᠂ ᠪᠥᠬᠦ ᠬᠤᠲᠠ ᠶᠢᠨ 55 ᠰᠠᠯᠠᠭ᠎ᠠ ᠮᠥᠴᠢᠷ ᠢ ᠬᠤᠯᠪᠣᠭᠠᠯᠠᠨ ᠬᠥᠳᠡᠯᠭᠡᠵᠦ᠂ ᠠᠶᠢᠮᠠᠭ᠂ ᠬᠤᠲᠠ᠂ ᠪᠠᠯᠭᠠᠰᠤ᠂ ᠲᠣᠰᠬᠤᠨ ᠳᠥᠷᠪᠡᠨ ᠱᠠᠲᠤ ᠶᠢ ᠨᠡᠪᠲᠡᠷᠡᠭᠦᠯᠵᠠᠢ᠃ ᠤᠯᠠᠨ ᠲᠦᠮᠡᠨ ᠤ ᠳᠤᠰᠬᠠᠬᠰᠠᠨ ᠭᠡᠷᠡᠭ ᠶᠠᠪᠤᠳᠠᠯ ᠢ ᠰᠶᠢᠳᠪᠦᠷᠢᠯᠡᠬᠦ ᠳᠤ ᠳᠤᠤᠷᠵᠢᠭᠤᠯᠤᠬᠴᠢ ᠠᠴᠠ ᠳᠡᠭᠡᠭᠰᠢ ᠮᠡᠳᠡᠭᠦᠯᠬᠦ᠂ ᠣᠯᠠᠨ ᠲᠦᠮᠡᠨ ᠣᠷᠣᠯᠴᠠᠬᠤ᠂ ᠲᠠᠪᠴᠠᠩ ᠳᠤ ᠣᠷᠣᠭᠤᠯᠬᠤ ᠵᠡᠷᠭᠡ ᠶᠢ ᠪᠠᠭᠲᠠᠭᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠵᠢᠯᠣᠭᠤᠳᠬᠤ ᠰᠢᠰᠲ᠋ᠧᠮ ᠢ ᠪᠦᠷᠢᠯᠳᠦᠭᠦᠯᠦᠭᠰᠡᠨ ᠠᠴᠠ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠨᠢ ᠵᠥᠷᠢᠴᠡᠯ ᠵᠢᠭᠤᠷᠠᠯᠳᠤᠭᠠᠨ ᠤ ᠭᠡᠷᠡᠭ ᠢ ︽ᠨᠢᠭᠡ ᠰᠦᠯᠵᠢᠶ᠎ᠡ ᠪᠠᠷ ᠨᠡᠶᠢᠳᠡᠮ ᠬᠠᠮᠢᠶᠠᠷᠬᠤ᠂ ᠨᠢᠭᠡ ᠥᠷᠲᠡᠭᠡ ᠮᠠᠶ᠋ᠢᠭ ᠢᠶᠠᠷ ᠰᠢᠢᠳᠪᠦᠷᠢᠯᠡᠬᠦ᠂ ᠨᠢᠭᠡ ᠯᠡ ᠱᠤᠭᠤᠮ ᠢᠶᠠᠷ ᠨᠡᠶᠢᠳᠡᠮ ᠬᠦᠢᠴᠡᠳᠭᠡᠬᠦ᠂ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠪᠡ ︔ ᠣᠶᠤᠨᠴᠢ ᠬᠠᠤᠯᠢ ᠬᠡᠷᠡᠭᠵᠢᠭᠦᠯᠬᠦ ᠲᠠᠪᠴᠠᠩ ᠨᠢ ᠴᠠᠭᠠᠰᠤᠨ ᠪᠢᠴᠢᠭ ᠢ ᠡᠯᠧᠺᠲᠷᠣᠨ ᠪᠢᠴᠢᠭ ᠪᠣᠯᠭᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠦᠷ᠎ᠡ ᠪᠦᠲᠦᠮᠵᠢ ᠪᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ︔ ᠤᠶᠤᠨᠴᠢ ᠵᠤᠭᠠᠴᠠᠯ ᠤᠨ ᠲᠠᠪᠴᠠᠩ ᠨᠢ ᠣᠷᠣᠨ ᠪᠦᠰᠡ ᠶᠢᠨ ᠳᠣᠲᠣᠷᠠᠬᠢ ᠵᠤᠭᠠᠴᠠᠯ ᠤᠨ ᠠᠵᠢᠯ ᠲᠦᠷᠦᠯ ᠵᠢᠴᠢ ᠦᠵᠡᠮᠵᠢ ᠶᠢᠨ ᠣᠷᠣᠨ ᠳᠤ ᠨᠢᠭᠡᠳᠦᠯᠲᠡᠢ ᠬᠢᠨᠠᠨ ᠬᠠᠮᠢᠶᠠᠷᠤᠯᠲᠠ᠂ ᠦᠢᠯᠡᠴᠢᠯᠡᠭᠡ᠂ ᠡᠵᠡᠩᠨᠡᠯᠲᠡ ᠪᠣᠷᠣᠯᠠᠭᠤᠯᠭ᠎ᠠ ᠬᠢᠵᠦ᠂ ᠵᠤᠭᠠᠴᠠᠯ ᠤᠨ ᠠᠵᠢᠯ ᠲᠦᠷᠦᠯ ᠤᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠪᠠ ᠁ ᠷᠠᠰᠢᠶᠠᠨ ᠬᠤᠳᠠ ︽ᠲᠠᠪᠤᠨ ᠲᠠᠪᠴᠠᠩ︾ ᠳᠤ ᠲᠦᠰᠢᠭᠯᠡᠵᠦ᠂ ︽ᠤᠶᠤᠨᠴᠢ ᠪᠠᠷ ᠵᠠᠰᠠᠬᠤ︾ ᠲᠤᠯᠭᠠᠭᠤᠷᠢᠯᠠᠯ ᠢ ᠴᠢᠩᠭᠠᠳᠬᠠᠵᠤ᠂ ︽ᠪᠦᠬᠦ ᠬᠦᠷᠶᠶ᠎ᠠ ᠪᠠᠷ ᠪᠠᠶᠢᠷᠢᠰᠢᠭᠤᠯᠬᠤ᠂ ᠪᠦᠬᠦ ᠶᠠᠪᠤᠴᠠ ᠪᠠᠷ ᠪᠦᠷᠬᠦᠭᠦᠯᠬᠦ᠂ ᠪᠦᠬᠦ ᠡᠯᠧᠮᠧᠨ᠋ᠲ ᠢ ᠴᠤᠭᠯᠠᠭᠤᠯᠬᠤ᠂ ᠪᠦᠬᠦ ᠲᠠᠯ᠎ᠠ ᠪᠠᠷ ᠪᠠᠲᠤᠯᠠᠬᠤ︾ ᠤᠶᠤᠨᠴᠢᠯᠠᠭᠰᠠᠨ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠠᠢ᠃      ᠣᠲᠣᠬᠠᠨ ᠪᠣᠯᠲᠠᠯ᠎ᠠ᠂ ᠷᠠᠰᠢᠶᠠᠨ ᠬᠤᠲᠠ ᠶᠢᠨ ᠬᠢᠨ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠲᠠᠪᠴᠠᠩ ᠤᠨ ᠬᠡᠷᠡᠭ ᠢ 2385 ᠬᠤᠪᠢ ᠳᠡᠭᠡᠭᠰᠢ ᠮᠡᠳᠡᠭᠦᠯᠵᠦ᠂ ᠨᠢᠭᠡᠨᠳᠡ 2368 ᠬᠡᠷᠡᠭ ᠢ ᠰᠢᠢᠳᠪᠦᠷᠢᠯᠡᠵᠦ ᠳᠠᠭᠤᠰᠬᠠᠪᠠ︔ ᠬᠢᠨᠠᠨ ᠡᠵᠡᠮᠳᠡᠬᠦ ᠰᠦᠯᠵᠢᠶ᠎ᠡ ᠶᠢ ᠨᠡᠪᠲᠡᠷᠡᠭᠦᠯᠤᠨ᠂ 745 ᠵᠠᠮ ᠱᠤᠭᠤᠮ ᠳᠤ ᠬᠢᠨᠠᠨ ᠡᠵᠡᠮᠳᠡᠬᠦᠷ ᠤᠭᠰᠠᠷᠠᠵᠤ᠂ ᠲᠠᠪᠴᠠᠩ ᠢ ᠠᠰᠢᠭᠯᠠᠨ 9 ᠬᠡᠷᠡᠭ ᠢ ᠢᠯᠡᠷᠡᠭᠦᠯᠵᠦ᠂ ᠡᠯ᠎ᠡ ᠲᠦᠷᠦᠯ ᠤᠨ ᠬᠡᠷᠡᠭ ᠤᠨ ᠰᠦᠪᠡᠭᠴᠢ ᠶᠢ 26 ᠵᠤᠷᠪᠤᠰ ᠬᠠᠨᠭ᠍ᠭᠠᠪᠠ︔ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠢ ᠠᠰᠢᠭᠯᠠᠨ᠂ ᠡᠶᠡᠳᠡᠭᠦᠯᠦᠨ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ 46 ᠬᠤᠪᠢ ᠵᠢᠭᠤᠷᠠᠯᠳᠤᠭᠠᠨ ᠢ ᠰᠢᠢᠳᠪᠦᠷᠢᠯᠡᠪᠡ︔ ᠣᠶᠤᠨᠴᠢ ᠬᠠᠤᠯᠢ ᠬᠡᠷᠡᠭᠵᠢᠭᠦᠯᠬᠦ ᠲᠠᠪᠴᠠᠩ ᠢᠶᠠᠷ ᠳᠠᠮᠵᠢᠭᠤᠯᠤᠨ 590 ᠭᠠᠷᠤᠢ ᠬᠡᠷᠡᠭ ᠶᠠᠪᠤᠳᠠᠯ ᠢ ᠳᠡᠭᠡᠭᠰᠢ ᠮᠡᠳᠡᠭᠦᠯᠤᠨ ᠰᠶᠢᠳᠪᠦᠷᠢᠯᠡᠪᠡ︔ ᠤᠶᠤᠨᠴᠢ ᠵᠤᠭᠠᠴᠠᠯ ᠤᠨ ᠲᠠᠪᠴᠠᠩ ᠢᠶᠠᠷ ᠳᠠᠮᠵᠢᠭᠤᠯᠤᠨ 59 ᠵᠤᠭᠠᠴᠠᠯ ᠤᠨ ᠬᠡᠷᠡᠭ ᠢ ᠳᠡᠭᠡᠭᠰᠢ ᠮᠡᠳᠡᠭᠦᠯᠵᠦ᠂ ᠪᠦᠬᠦᠨ ᠢ ᠰᠢᠢᠳᠪᠦᠷᠢᠯᠡᠪᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号