ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/19
    2024 ᠣᠨ ᠤ 4 ᠰᠠᠷ᠎ᠠ ᠶᠢᠨ 17 ᠤ ᠡᠳᠦᠷ ᠪᠣᠯ 36 ᠳ᠋ᠤᠭᠠᠷ ︽ᠳᠡᠯᠡᠬᠡᠢ ᠶᠢᠨ ᠴᠢᠰᠤ ᠭᠤᠭᠤᠵᠢᠮᠠᠳᠠᠭᠠᠢ ᠡᠪᠡᠳᠴᠢᠨ ᠤ ᠡᠳᠦᠷ︾ ᠪᠣᠯᠣᠨ᠎ᠠ᠃ ᠣᠯᠠᠨ ᠲᠦᠮᠡᠨ ᠤ ᠴᠢᠰᠤ ᠭᠤᠭᠤᠵᠢᠮᠠᠲᠠᠭᠠᠢ ᠡᠪᠡᠳᠴᠢᠨ ᠤ ᠲᠤᠬᠠᠢ ᠠᠩᠬᠠᠷᠤᠯ ᠪᠠ ᠲᠠᠨᠢᠯᠲᠠ ᠶᠢ ᠳᠠᠶᠢᠴᠢᠯᠠᠵᠤ᠂ ᠴᠢᠰᠤ ᠭᠤᠭᠤᠵᠢᠮᠠᠲᠠᠭᠠᠢ ᠡᠪᠡᠳᠴᠢᠳᠡᠨ ᠢ ᠬᠠᠮᠲᠤ ᠪᠠᠷ ᠠᠩᠬᠠᠷᠬᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂  ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ︽ᠴᠢᠰᠤ ᠭᠠᠷᠬᠤ ᠴᠢᠨᠠᠷᠲᠠᠢ ᠡᠪᠡᠳᠴᠢᠨ ᠢ ᠣᠶᠢᠯᠠᠭᠠᠵᠣ ᠲᠠᠨᠢᠵᠤ᠂ ᠢᠳᠡᠪᠬᠢᠲᠡᠢ ᠪᠠᠷ ᠰᠡᠷᠭᠡᠶᠢᠯᠡᠬᠦ ᠪᠠ ᠡᠮᠨᠡᠨ ᠵᠠᠰᠠᠬᠤ︾ ᠪᠠᠷ ᠭᠤᠣᠯ ᠰᠡᠳᠦᠪ ᠪᠣᠯᠭᠠᠭᠰᠠᠨ ︽ᠳᠡᠯᠡᠬᠡᠢ ᠶᠢᠨ ᠴᠢᠰᠤ ᠭᠤᠭᠤᠵᠢᠮᠠᠲᠠᠭᠠᠢ ᠡᠪᠡᠳᠴᠢᠨ ᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠨᠡᠶᠢᠭᠡᠮ ᠲᠣᠭᠤᠷᠢᠭ ᠤᠨ ᠲᠣᠣᠷᠵᠢᠭᠤᠯᠣᠬᠴᠢ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠪᠠᠷ ᠣᠯᠠᠨ ᠲᠦᠮᠡᠨ ᠳᠤ ᠴᠢᠰᠤ ᠭᠤᠭᠤᠵᠢᠮᠠᠳᠠᠭᠠᠢ ᠡᠪᠡᠳᠴᠢᠨ ᠤ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠠᠢ᠃ ᠴᠢᠰᠤ ᠭᠤᠭᠤᠵᠢᠮᠠᠲᠠᠭᠠᠢ ᠡᠪᠡᠳᠴᠢᠨ ᠪᠣᠯ ᠤᠳᠤᠮᠰᠢᠯ ᠤᠨ ᠴᠢᠨᠠᠷᠲᠠᠢ ᠴᠢᠰᠤ ᠡᠭᠡᠳᠡᠭᠦᠯᠬᠦ ᠠᠵᠢᠯᠯᠠᠭ᠎ᠠ ᠰᠠᠭᠠᠳ ᠣᠴᠠᠷᠡᠬᠰᠠᠨ ᠡᠪᠡᠳᠴᠢᠨ ᠮᠥᠨ᠂ ᠣᠳᠣᠬᠠᠨ ᠳᠤ ᠴᠢᠰᠤ ᠭᠤᠭᠤᠵᠢᠮᠠᠲᠠᠭᠠᠢ ᠡᠪᠡᠳᠴᠢᠨ ᠢ ᠦᠨᠳᠦᠰᠦᠨ ᠠᠴᠠ ᠨᠢ ᠵᠠᠰᠠᠬᠤ ᠠᠷᠭ᠎ᠠ ᠦᠭᠡᠢ ᠪᠠᠶᠢᠭᠰᠠᠭᠠᠷ᠂ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠂ ᠤᠷᠤᠭ ᠤᠨ ᠪᠠᠶᠢᠴᠠᠭᠠᠯᠲᠠ ᠬᠢᠬᠦ ᠪᠣᠯ ᠵᠡᠷᠡᠮᠳᠡᠭ  ᠬᠡᠣᠬᠡᠳ ᠲᠦᠷᠦᠭᠦ ᠶᠢ ᠪᠦᠲᠦᠮᠵᠢᠲᠡᠶ ᠰᠡᠷᠭᠡᠶᠢᠯᠡᠬᠦ ᠠᠷᠭ᠎ᠠ ᠵᠠᠮ ᠮᠥᠨ ᠭᠡᠵᠡᠢ᠃     ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠪᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠷᠡᠮᠳᠡᠭ ᠬᠡᠣᠬᠡᠳ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃  
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号