ᠠᠯᠳᠡᠨ ᠬᠢᠯᠢ ᠶᠢᠨ ᠲᠠᠷᠬᠠᠨ ᠬᠠᠮᠠᠭᠠᠯᠠᠬᠴᠢ
ᠨᠡᠶᠢᠲᠡᠯᠡᠭᠰᠡᠨ ᠴᠠᠭ᠄
2024/4/19
      ᠬᠠᠪᠤᠷ ᠤᠨ ᠳᠤᠮᠳᠠ ᠰᠠᠷ᠎ᠠ ᠳᠤ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠵᠡᠭᠡᠯᠢ ᠭᠤᠳᠤᠮᠵᠢ ᠪᠠᠷ ᠶᠠᠪᠤᠬᠤ ᠳᠤ᠂ ᠤᠯᠠᠭᠠᠨ  ᠣᠣᠵᠢ ᠲᠠᠢ᠂ ᠤᠯᠠᠭᠠᠨ ᠮᠠᠯᠠᠭᠠᠢ ᠲᠠᠢ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠭᠠᠵᠠᠷ ᠪᠣᠯᠭᠠᠨ ᠳᠤ ᠬᠠᠷᠠᠭᠳᠠᠨ᠎ᠠ᠂ ᠲᠡᠳᠡ ᠲᠦᠷᠭᠡᠨ ᠬᠦᠷᠭᠡᠭᠴᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠠᠶᠢᠵᠤ ᠮᠡᠳᠡᠨ᠎ᠡ᠂ ᠪᠠᠰᠠ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ᠂ ᠠᠵᠢᠯ ᠠᠴᠠ ᠪᠠᠨ ᠠᠮᠠᠷᠠᠭᠰᠠᠨ ᠺᠠᠳ᠋ᠷ ᠪᠠᠶᠢᠵᠤ ᠮᠡᠳᠡᠨ᠎ᠡ᠂ ᠲᠡᠳᠡ ᠴᠠᠭᠳᠠᠭᠠᠨ ᠤ ᠬᠤᠪᠴᠠᠰᠤ ᠡᠮᠦᠰᠭᠡ ᠦᠭᠡᠢ ᠪᠣᠯᠪᠠᠴᠤ ᠬᠢᠯᠢ ᠬᠢᠵᠠᠭᠠᠷ ᠤᠨ ︽ ᠶᠡᠭᠡ ᠭᠡᠷ︾᠂ ᠠᠷᠠᠳ ᠢᠷᠭᠡᠳ ᠤᠨ ︽ᠪᠠᠭ᠎ᠠ ᠭᠡᠷ︾ ᠢ ᠰᠠᠬᠢᠨ ᠬᠠᠮᠠᠭᠠᠯᠠᠵᠤ ᠪᠠᠶᠢᠳᠠᠭ᠃      ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ  ᠬᠢᠨ ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠶᠢᠨ ᠤᠯᠠᠨ ᠢᠶᠠᠷ ᠢᠶᠠᠨ ᠰᠡᠷᠭᠡᠶᠢᠯᠡᠵᠦ ᠵᠠᠰᠠᠬᠤ ᠬᠦᠴᠦᠨ ᠪᠣᠯᠵᠤ ᠬᠦᠭᠵᠢᠭᠡᠳ᠂ ᠠᠮᠤᠷ ᠠᠮᠤᠭᠤᠯᠠᠩ ᠬᠢᠯᠢ ᠶᠢ ᠡᠭᠦᠳᠦᠨ ᠪᠠᠶᠢᠭᠤᠯᠬᠤ ᠶᠢᠨ ᠬᠠᠷᠠᠭᠠᠰᠤ ᠪᠠ ᠦᠷᠭᠦᠯᠵᠢᠯᠡᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠴᠠᠭᠳᠠᠭ᠎ᠠ ᠠᠷᠠᠳ ᠬᠤᠯᠪᠤᠭᠠᠯᠠᠨ ᠰᠡᠷᠭᠡᠶᠢᠯᠡᠬᠦ ᠠᠵᠢᠯ ᠤᠨ ᠰᠠᠭᠤᠷᠢ ᠶᠢ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠣ ᠪᠠᠶᠢᠨ᠎ᠠ᠃      ᠲᠦᠷᠦᠭᠦᠬᠡᠨ᠂ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠨᠢᠭᠡᠨ ᠨᠠᠰᠤᠲᠠᠨ ᠵᠢᠷᠤᠮ ᠤᠨ ᠴᠠᠭᠳᠠᠭ᠎ᠠ ᠶᠠᠩ ᠶᠦᠨ ᠵᠣ᠋ ᠶᠢᠨ ᠲᠦᠷᠢᠶᠡᠰᠦᠨ ᠮᠠᠰᠢᠨ ᠲᠡᠷᠭᠡᠨ ᠳᠤ ᠰᠠᠭᠤᠵᠤ᠂ ᠪᠠᠩᠬᠢ ᠳᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠯ᠎ᠠ᠃ ᠶᠠᠪᠣᠬᠤ ᠵᠠᠮ ᠳᠠᠭᠠᠨ ᠨᠠᠰᠤᠲᠠᠨ ᠬᠡᠷᠪᠡ ᠵᠣᠭᠤᠰ ᠭᠤᠪᠢᠭᠤᠯᠬᠤ ᠦᠭᠡᠢ ᠪᠣᠯ ᠵᠠᠷᠭᠤ ᠳᠤ  ᠬᠤᠯᠪᠣᠬᠳᠡᠨ᠎ᠠ ᠭᠳᠡᠭ ᠣᠳᠡᠰᠣ ᠲᠣᠰᠴᠠᠢ ᠭᠡᠵᠦ ᠮᠡᠳᠡᠭᠳᠡᠵᠡᠢ᠃ ᠰᠣᠨᠣᠷ ᠰᠡᠷᠡᠮᠵᠢ ᠲᠠᠢ ᠲᠡᠷᠭᠡᠨ ᠵᠢᠯᠣᠭᠤᠴᠢ ᠶᠠᠩ ᠶᠦᠨ ᠵᠦ᠂ ᠨᠠᠰᠤᠲᠠᠨ ᠤ ᠴᠠᠬᠢᠯᠭᠠᠨ ᠬᠤᠯᠪᠣᠭᠠᠨ ᠤ ᠮᠡᠬᠡᠯᠡᠯ ᠳᠤ ᠤᠴᠠᠷᠠᠭᠰᠠᠨ ᠢ ᠰᠡᠷᠡᠵᠦ ᠮᠡᠳᠡᠭᠡᠳ᠂ ᠲᠡᠷᠡ ᠳᠠᠷᠤᠢ ᠳᠤᠨᠢ ᠷᠠᠰᠢᠶᠠᠨ ᠤ ᠬᠢᠯᠢ ᠶᠢᠨ ᠲᠣᠮᠢᠯᠠᠭᠰᠠᠨ ᠰᠠᠯᠪᠤᠷᠢ ᠳᠤ ᠮᠡᠳᠡᠭᠦᠯᠦᠭᠰᠡᠨ ᠳᠤ᠂ ᠠᠷᠠᠳ ᠤᠨ ᠴᠠᠭᠳᠠᠭ᠎ᠠ ᠴᠠᠭ ᠲᠤᠬᠠᠢ ᠳᠤᠨᠢ ᠬᠦᠷᠦᠯᠴᠡᠨ ᠢᠷᠡᠵᠦ᠂ ᠲᠤᠬᠠᠢ ᠶᠢᠨ ᠲᠠᠯᠠᠪᠤᠷ ᠲᠤ ᠮᠡᠬᠡᠯᠡᠭᠴᠢ ᠶᠢᠨ ᠵᠠᠯᠢ ᠮᠡᠭᠡ ᠶᠢ ᠢᠯᠡᠴᠢᠯᠡᠭᠡᠳ᠂ ᠨᠠᠰᠤᠲᠠᠨ ᠢ ᠠᠵᠤ ᠠᠬᠤᠢ ᠶᠢᠨ ᠬᠤᠬᠢᠷᠠᠯ  ᠠᠴᠠ ᠠᠪᠤᠷᠠᠵᠠᠢ᠃      ᠣᠶᠢᠷ᠎ᠠ ᠶᠢᠨ ᠵᠢᠯ ᠳᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠪᠠᠶᠢᠨ ᠳᠠᠬᠢᠨ ᠡᠭᠦᠰᠴᠦ᠂ ᠬᠠᠷᠢᠶ᠎ᠠ ᠣᠷᠣᠨ ᠤ ᠨᠠᠰᠤᠲᠠᠶᠢᠴᠤᠳ ᠤᠨ ᠡᠵᠡᠯᠡᠬᠦ ᠬᠠᠷᠢᠴᠠᠯ ᠶᠡᠭᠡ᠂ ᠢᠯᠭᠠᠨ ᠲᠠᠨᠢᠬᠤ ᠤᠬᠠᠮᠰᠠᠷ ᠪᠠᠭᠤᠷᠠᠢ᠂ ᠰᠡᠷᠭᠡᠶᠢᠯᠡᠬᠦ ᠴᠢᠳᠠᠪᠤᠷᠢ ᠳᠣᠣᠷ᠎ᠠ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠷᠠᠰᠢᠶᠠᠨ ᠬᠤᠲᠠ ᠶᠢᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ   ᠠᠴᠠ ᠪᠠᠨ ᠡᠭᠦᠷᠭᠡᠯᠡᠵᠦ᠂ 1000 ᠭᠠᠷᠤᠢ ᠣᠯᠠᠨ ᠲᠦᠮᠡᠨ ᠢ ᠬᠠᠪᠰᠤᠷᠤᠨ ᠤᠯᠤᠰ ᠬᠦᠷᠣᠨ ᠤ ᠮᠡᠬᠡᠯᠡᠬᠦ ᠶᠢ ᠡᠰᠡᠷᠭᠦᠴᠡᠬᠦ ᠲᠥᠪ ᠤᠨ APP ᠶᠢ ᠪᠠᠭᠤᠯᠭᠠᠨ ᠳᠠᠩᠰᠠᠯᠠᠭᠤᠯᠵᠤ᠂ ︽ᠮᠡᠬᠡᠯᠡᠯ ᠢ ᠤᠷᠢᠳᠠᠪᠠᠷ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠦ᠂ ᠠᠶᠤᠯ ᠶᠡᠬᠡᠲᠡᠢ ᠰᠡᠷᠡᠮᠵᠢ ᠶᠢᠨ ᠳᠣᠬᠢᠶ᠎ᠠ ᠶᠢ 23 ᠤᠳᠠᠭ᠎ᠠ ᠢᠳᠬᠠᠨ ᠬᠤᠷᠢᠭᠯᠠᠵᠤ᠂ 500 ᠭᠠᠷᠤᠢ ᠲᠦᠮᠡᠨ ᠲᠥᠭᠦᠷᠢᠭ ᠢ ᠬᠤᠬᠢᠷᠡᠯ ᠠᠴᠠ ᠠᠪᠣᠷᠡᠨ᠂ ᠠᠮᠤᠷ ᠲᠦᠪᠰᠢᠨ ᠤ ᠬᠦᠳᠡᠯᠣᠩᠬᠦᠢ ᠪᠠᠶᠢᠳᠠᠯ ᠤᠨ ︽ᠠᠵᠢᠭᠯᠠᠬᠤ ᠴᠡᠭ︾ ︽ᠨᠡᠭᠦᠳᠡᠯ ᠬᠠᠷᠠᠭᠤᠯ︾ ᠪᠣᠯᠤᠭᠰᠠᠨ ᠪᠠᠶᠢᠨ᠎ᠠ᠃ ︽ᠡᠨᠡᠬᠦ ᠵᠢᠵᠢᠭ ᠬᠤᠲᠠ ᠶᠢ ᠰᠠᠶᠢᠲᠤᠷ ᠰᠠᠬᠢᠨ ᠬᠠᠮᠠᠭᠠᠯᠠᠬᠤ ᠪᠣᠯ ᠮᠢᠨᠤ ᠬᠠᠷᠢᠭᠤᠴᠠᠯᠭ᠎ᠠ ᠪᠠ ᠡᠭᠦᠷᠭᠡ ᠮᠥᠨ᠂ ︿ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ﹀ ᠨᠢᠭᠡᠪᠦᠷᠢ ᠴᠥᠮ ᠥᠪᠡᠷ ᠤᠨ ᠬᠦᠴᠦᠨ ᠴᠢᠳᠠᠯ ᠢᠶᠠᠨ ᠡᠷᠭᠦᠵᠦ ᠪᠠᠶᠢᠭ᠎ᠠ ᠶᠤᠮ︾ ᠭᠡᠵᠦ ᠵᠢᠷᠤᠮ ᠤᠨ ᠴᠠᠭᠳᠠᠭ᠎ᠠ ᠶᠠᠩ ᠶᠦᠨ ᠵᠦ ᠬᠡᠯᠡᠪᠡ᠃      ᠵᠥᠷᠢᠴᠡᠯ ᠵᠢᠭᠤᠷᠠᠯᠳᠤᠭᠠᠨ ᠤ ᠨᠢᠭᠡ ᠲᠠᠯ᠎ᠠ ᠨᠢ ᠨᠡᠶᠢᠭᠡᠮ ᠤᠨ ︽ᠠᠮᠤᠷ ᠲᠦᠪᠰᠢᠨ ᠤ ᠢᠯᠡᠳᠬᠡᠭᠴᠢ ᠲᠤᠭ᠎ᠠ︾ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠲᠦᠭ ᠲᠦᠮᠡᠨ ᠠᠶᠢᠯ ᠡᠷᠤᠭᠡ ᠶᠢᠨ ︽ᠵᠣᠯ ᠵᠢᠷᠭᠠᠯ ᠤᠨ ᠢᠯᠡᠳᠬᠡᠭᠴᠢ ᠲᠤᠭ᠎ᠠ︾ ᠲᠠᠢ ᠬᠤᠯᠪᠣᠭᠳᠠᠵᠤ ᠪᠠᠶᠢᠳᠠᠭ᠃ ᠡᠨᠡ ᠵᠢᠯ ᠤᠨ 2 ᠰᠠᠷ᠎ᠠ ᠳᠤ᠂ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠭᠠᠳᠠᠨ᠎ᠠ ᠣᠷᠣᠨ ᠠᠴᠠ ᠥᠪᠡᠰᠦᠪᠡᠨ ᠲᠡᠷᠭᠡ ᠵᠢᠯᠣᠭᠤᠳᠤᠨ  ᠵᠢᠭᠤᠯᠴᠢᠯᠠᠬᠤ ᠪᠠᠷ ᠢᠷᠡᠭᠰᠠᠨ 2 ᠵᠤᠭᠠᠴᠠᠭᠴᠢ ᠳᠤᠯᠠᠭᠠᠨ ᠬᠥᠮᠥᠷᠭᠡ ᠶᠢᠨ ᠲᠡᠷᠭᠡᠨ ᠵᠣᠭᠰᠣᠭᠠᠯ ᠢ ᠪᠤᠯᠢᠶᠠᠯᠳᠤᠭᠰᠠᠨ ᠠᠴᠠ ᠪᠣᠯᠵᠤ ᠵᠢᠭᠤᠷᠠᠯᠳᠤᠭᠠᠨ ᠡᠭᠦᠰᠴᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠨᠠᠶᠢᠷ ᠲᠠᠯᠪᠢᠭᠰᠠᠨ ᠦᠭᠡᠢ᠃ ᠬᠠᠷᠢᠶ᠎ᠠ ᠲᠣᠭᠤᠷᠢᠭ ᠤᠨ ᠵᠢᠷᠤᠮ ᠤᠨ ᠴᠠᠭᠳᠠᠭ᠎ᠠ ᠮᠧᠩ ᠹᠠᠨ ᠴᠢᠩ ᠪᠠᠶᠢᠳᠡᠯ ᠢ ᠣᠶᠢᠯᠠᠭᠠᠭᠠᠳ᠂ ᠬᠡᠷᠡᠭ ᠶᠠᠪᠣᠳᠡᠯ ᠰᠢᠷᠣᠬᠦᠰᠬᠦ ᠠᠴᠠ ᠵᠠᠶᠢᠯᠠᠰᠬᠢᠬᠦ ᠶᠢᠨ ᠲᠥᠯᠥᠭᠡ᠂ ᠤᠴᠢᠷ ᠶᠠᠪᠣᠳᠡᠯ ᠢ ᠲᠢᠶᠠᠨ ᡂᠢ ᠬᠢᠯᠢ ᠶᠢᠨ ᠲᠣᠮᠢᠯᠠᠭᠰᠠᠨ ᠰᠠᠯᠪᠤᠷᠢ ᠳᠤ ᠦᠳᠲᠡᠷ ᠲᠦᠷᠭᠡᠨ ᠮᠡᠳᠡᠭᠦᠯᠣᠯ᠎ᠠ᠃ ᠲᠣᠮᠢᠯᠠᠭᠰᠠᠨ ᠰᠠᠯᠪᠤᠷᠢ ᠶᠢᠨ ᠬᠢᠨ ᠠᠷᠠᠳ ᠤᠨ ᠴᠠᠭᠳᠠᠭ᠎ᠠ ᠵᠢᠴᠢ ᠵᠢᠷᠤᠮ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠬᠤᠶᠠᠷ ᠲᠠᠯ᠎ᠠ ᠲᠠᠢ ᠲᠤᠰ ᠲᠤᠰ ᠶᠠᠷᠢᠯᠴᠠᠨ ᠬᠡᠷᠡᠭᠦᠯ ᠵᠣᠳᠣᠭᠠᠨ ᠬᠢᠬᠦ ᠶᠢᠨ ᠬᠦᠨᠳᠦ ᠨᠣᠴᠢᠲᠠᠢ ᠦᠷ᠎ᠡ ᠳ᠋ᠦᠩ ᠢ ᠲᠣᠳᠣᠷᠬᠠᠢ ᠶᠠᠷᠢᠵᠤ᠂  ᠦᠭᠬᠦᠭᠰᠠᠨ ᠢᠶᠠᠷ ᠡᠴᠦᠰ ᠲᠡᠭᠡᠨ ᠬᠤᠶᠠᠷ ᠲᠠᠯ᠎ᠠ ᠪᠠᠷ ᠢᠶᠠᠨ  ᠭᠠᠷ ᠠᠳᠬᠤᠨ ᠡᠪᠰᠡᠭᠰᠠᠨ ᠪᠠᠶᠢᠨ᠎ᠠ᠃      ᠡᠭᠦᠨ ᠲᠠᠢ ᠠᠳᠠᠯᠢ ᠪᠠᠷ᠂ ᠷᠠᠰᠢᠶᠠᠨ ᠬᠤᠲᠠ ᠶᠢᠨ ᠢᠷᠪᠢᠰ ᠪᠠᠯᠭᠠᠰᠤᠨ ᠤ ᠯᠢᠨ ᠬᠠᠢ ᠵᠡᠭᠡᠯᠢ ᠶᠢᠨ ︽ᠰᠠᠭᠤᠭᠠᠯᠢ ᠠᠷᠠᠳ ᠤᠨ ᠬᠡᠷᠡᠭ ᠤᠴᠢᠷ ᠢ ᠶᠠᠷᠢᠯᠴᠠᠬᠤ ᠥᠷᠥᠭᠡ︾ ᠳᠤ᠂ ᠵᠢᠷᠤᠮ ᠤᠨ ᠴᠠᠭᠳᠠᠭ᠎ᠠ ᠯᠢᠦ ᠹᠧᠩ ᠯᠢ᠂ ᠯᠢᠦ ᠬᠤᠶ ᠴᠦᠨ ᠰᠠᠭᠤᠭᠠᠯᠢ ᠠᠷᠠᠳ ᠯᠢ ᠣᠪᠣᠭᠲᠤ ᠶᠢᠨ ᠪᠣᠬᠢᠷ ᠤᠰᠤᠨ ᠤ ᠬᠤᠭᠤᠯᠠᠢ ᠶᠢᠨ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ ᠥᠭᠴᠡᠢ᠃ ᠤᠤᠯ ᠨᠢ᠂ ᠨᠢᠭᠡ ᠭᠠᠷᠠᠭ ᠤᠨ ᠡᠮᠦᠨ᠎ᠡ ᠯᠢ ᠣᠪᠣᠭᠲᠤ ᠠᠯᠪᠠᠨ ᠠᠵᠢᠯ ᠢᠶᠠᠷ ᠭᠠᠳᠠᠭᠰᠢ ᠭᠠᠷᠤᠭᠠᠳ᠂  ᠪᠣᠴᠠᠵᠣ ᠢᠷᠡᠬᠦ ᠳᠤ ᠭᠡᠷ ᠲᠠᠬᠢ ᠪᠣᠬᠢᠷ ᠤᠰᠤᠨ ᠤ ᠬᠤᠭᠤᠯᠠᠢ ᠪᠥᠭᠯᠡᠷᠡᠭᠰᠡᠨ ᠪᠠᠶᠢᠵᠡᠢ᠂ ᠬᠡᠳᠦᠶᠢᠪᠡᠷ ᠠᠳᠠᠯ ᠠᠬᠤᠢ ᠶᠢᠨ ᠭᠠᠵᠠᠷ ᠠᠴᠠ ᠨᠢᠭᠡᠨᠲᠡ ᠬᠥᠮᠥᠨ ᠲᠣᠮᠢᠯᠠᠨ ᠨᠡᠪᠲᠡᠷᠡᠭᠦᠯᠦᠭᠰᠡᠨ ᠪᠣᠯᠪᠠᠴᠤ ᠬᠤᠭᠤᠯᠠᠢ ᠬᠠᠭᠤᠴᠢᠷᠠᠭᠰᠠᠨ ᠠᠴᠠ ᠲᠠᠬᠢᠨ ᠲᠦᠭᠵᠢᠷᠡᠬᠦ ᠳᠠᠯᠳᠠ ᠭᠡᠮ ᠲᠠᠢ ᠪᠠᠶᠢᠵᠣ᠂ ᠬᠤᠭᠤᠯᠠᠢ ᠶᠢ ᠥᠭᠡᠷᠡᠴᠢᠯᠡᠬᠦ ᠵᠠᠷᠤᠳᠠᠯ ᠨᠡᠯᠢᠶᠡᠳ ᠶᠡᠭᠡ ᠠᠴᠠ ᠪᠣᠯᠵᠤ᠂ ᠯᠢ ᠣᠪᠣᠭᠲᠤ ᠳᠤ ᠪᠠᠭ᠎ᠠ ᠪᠤᠰᠤ ᠪᠤᠬᠢᠨᠢᠳᠤᠯ ᠢ ᠠᠪᠴᠢᠷᠠᠭᠰᠠᠨ ᠪᠠᠶᠢᠨ᠎ᠠ᠃ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠯᠢᠦ ᠹᠧᠩ ᠯᠢ ᠭᠤᠷᠪᠠᠨ ᠴᠠᠭᠳᠠᠭ᠎ᠠ ᠲᠠᠢ ᠬᠠᠮᠳᠣ ᠡᠷᠤᠭᠡ ᠳᠠᠷᠠᠭᠠᠯᠠᠨ ᠲᠠᠶᠢᠴᠢᠯᠠᠵᠤ᠂ ᠬᠡᠳᠦᠨ ᠡᠷᠤᠭᠡ ᠶᠢᠨ ᠰᠠᠭᠤᠭᠠᠯᠢ ᠠᠷᠠᠳ ᠤᠨ ᠲᠥᠯᠥᠭᠡᠯᠡᠭᠴᠢ ᠶᠢ ︽ᠰᠠᠭᠤᠭᠠᠯᠢ ᠠᠷᠠᠳ ᠤᠨ ᠬᠡᠷᠡᠭ ᠬᠡᠯᠡᠯᠴᠡᠬᠦ ᠦᠷᠤᠭᠡ︾ ᠳᠤ ᠪᠣᠯᠵᠣᠬᠤ ᠶᠢ ᠬᠦᠯᠢᠴᠡᠩᠭᠦᠢ ᠪᠠᠷ ᠢᠳᠬᠠᠵᠤ᠂ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠵᠤ᠂ ᠰᠠᠭᠤᠭᠠᠯᠢ ᠠᠷᠠᠳ ᠨᠢᠭᠡᠪᠦᠷᠢ ᠰᠠᠶᠢᠨ ᠳᠤᠷ᠎ᠠ ᠠᠴᠠ ᠪᠠᠨ 500 ᠲᠥᠭᠦᠷᠢᠭ ᠤᠨ ᠪᠡᠯᠡ ᠮᠥᠩᠭᠦ ᠭᠠᠷᠭᠠᠵᠤ᠂ ᠬᠠᠭᠤᠴᠢᠨ ᠬᠤᠭᠤᠯᠠᠢ ᠶᠢ ᠰᠡᠯᠪᠢᠨ ᠵᠠᠰᠠᠵᠤ ᠤᠴᠢᠷ ᠶᠠᠪᠤᠳᠠᠯ ᠢ ᠲᠡᠭᠦᠰ ᠠᠮᠵᠢᠯᠲᠠ ᠲᠠᠢ ᠰᠢᠢᠳᠪᠦᠷᠢᠯᠡᠪᠡ᠃      ᠤᠷᠢᠳᠴᠢᠯᠠᠨ ᠰᠡᠷᠭᠡᠶᠢᠯᠡᠬᠦ ᠠᠵᠢᠯ ᠢ ᠡᠶᠡᠳᠡᠭᠦᠯᠬᠦ ᠠᠴᠠ ᠡᠮᠦᠨ᠎ᠡ ᠬᠢᠵᠦ᠂ ᠵᠥᠷᠢᠴᠡᠯ ᠢ ᠴᠢᠷᠮᠠᠶᠢᠨ ᠠᠷᠢᠯᠭᠠᠵᠤ᠂ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠡᠢ᠃ ᠣᠳᠣᠬᠠᠨ ᠳᠤ᠂ ᠷᠠᠰᠢᠶᠠᠨ ᠬᠤᠲᠠ ᠶᠢᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠠᠮᠤᠷ ᠢ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ ᠨᠡᠶᠢᠭᠡᠮᠯᠢᠭ ᠲᠤ ᠨᠡᠶᠢᠲᠡ 35 ᠲᠤᠰᠬᠠᠢ ᠮᠡᠷᠭᠡᠵᠢᠯ ᠤᠨ ᠪᠠ ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠪᠠᠶᠢᠵᠤ᠂ ᠠᠵᠢᠯ ᠤᠨ ᠳᠤᠮᠳᠠ ᠪᠠᠨ ︽ᠠᠷᠠᠳ ᠤᠨ ᠴᠠᠭᠳᠠᠭ᠎ᠠ + ᠵᠢᠷᠤᠮ ᠤᠨ ᠴᠠᠭᠳᠠᠭ᠎ᠠ︾ ᠬᠤᠯᠪᠤᠭᠠᠯᠠᠬᠤ ᠠᠵᠢᠯ ᠤᠨ ᠠᠷᠭ᠎ᠠ ᠬᠡᠮᠵᠢᠶ᠎ᠠ ᠶᠢ ᠬᠡᠷᠡᠭᠵᠢᠭᠦᠯᠵᠦ᠂ ᠵᠢᠷᠤᠮ ᠤᠨ ᠴᠠᠭᠳᠠᠭ᠎ᠠ ᠶᠢᠨ ︽ᠬᠥᠮᠥᠨ ᠢ ᠰᠠᠶᠢᠨ ᠮᠡᠳᠡᠬᠦ᠂ ᠭᠠᠵᠠᠷ ᠢ ᠰᠠᠶᠢᠨ ᠮᠡᠳᠡᠬᠦ᠂ ᠪᠠᠶᠢᠳᠠᠯ ᠢ ᠰᠠᠶᠢᠨ ᠮᠡᠳᠡᠬᠦ︾ ᠣᠷᠣᠨ ᠨᠤᠲᠤᠭᠴᠢᠯᠠᠭᠰᠠᠨ ᠳᠠᠪᠠᠭᠤᠯᠢᠭ ᠢ ᠠᠷᠠᠳ ᠤᠨ ᠴᠠᠭᠳᠠᠭ᠎ᠠ ᠶᠢᠨ ︽ᠬᠠᠤᠯᠢ ᠮᠡᠳᠡᠬᠦ᠂ ᠲᠥᠷᠥ ᠶᠢᠨ ᠪᠣᠳᠣᠯᠭ᠎ᠠ ᠶᠢ ᠡᠷᠬᠢᠮᠯᠡᠬᠦ᠂ ᠡᠶᠡᠳᠡᠭᠦᠯᠵᠦ ᠴᠢᠳᠠᠬᠤ︾ ᠲᠤᠰᠬᠠᠶᠢᠵᠢᠭᠰᠠᠨ ᠳᠠᠪᠠᠭᠤᠯᠢᠭ ᠲᠠᠢ ᠣᠷᠭᠠᠨᠢᠭ ᠢᠶᠠᠷ ᠤᠶᠠᠯᠳᠤᠭᠤᠯᠵᠤ᠂ ︽1+1>2︾ ᠤᠨ ᠦᠷ᠎ᠡ ᠳ᠋ᠦᠩ ᠳᠤ ᠭᠦᠷᠭᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号