ᠸᠠᠩ ᠰᠢᠶᠣᠣ ᠬᠤᠸᠠᠨ ᠷᠠᠰᠢᠶᠠᠨ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ ᠷᠠᠰᠢᠶᠠᠨ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠷᠢ ᠥᠭᠴᠡᠭᠡ ᠶᠢ ᠠᠷᠢᠯᠭᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠣᠨ ᠠᠪᠴᠢᠷᠡᠬᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠥᠷᠨᠢᠭᠦᠯᠬᠦ᠂ ︽ᠡᠷᠬᠢᠨ ᠬᠠᠷᠠᠬᠤ︾ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠤᠳᠤᠯᠤᠨ ᠰᠣᠨᠣᠰᠤᠭᠰᠠᠨ ᠪᠥᠭᠡᠳ ᠡᠯ᠎ᠡ ᠲᠦᠷᠦᠯ ᠤᠨ ᠠᠵᠢᠯ ᠢ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠬᠤᠳᠠ ᠪᠠᠷ ᠢᠶᠠᠨ ᠥᠷᠢ ᠥᠭᠴᠡᠭᠡᠨ ᠤ ᠬᠠᠮᠢᠶᠠᠷᠤᠯᠲᠠ ᠪᠠᠨ ᠴᠢᠩᠭᠠᠳᠬᠠᠵᠤ᠂ ︽ᠠᠷᠪᠢᠴᠢ ᠭᠠᠮᠳᠡᠢ ᠠᠮᠢᠳᠤᠷᠠᠬᠤ︾ ᠪᠣᠯᠣᠨ ᠠᠵᠤ ᠠᠬᠤᠢ ᠶᠢᠨ ᠬᠥᠭᠵᠢᠯᠲᠡ᠂ ᠠᠳᠡᠯ ᠪᠣᠰᠬᠠᠵᠦ ᠦᠢᠯᠡᠰ ᠪᠦᠳᠣᠭᠡᠬᠦ  ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠲᠠᠨᠢᠨ ᠰᠢᠢᠳᠪᠦᠷᠢᠯᠡᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠦᠨᠡᠨ ᠬᠦ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠣᠨ᠂ ᠠᠵᠢᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠭ᠎ᠠ ᠬᠤᠯᠪᠤᠯᠴᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠤᠨ ᠬᠠᠮᠳᠣᠷᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠶᠢᠨ ︽ᠨᠢᠭᠡᠳᠦᠭᠡᠷ ᠬᠠᠷᠢᠭᠤᠴᠠᠯᠭᠠᠲᠠᠨ᠂ ᠨᠢᠭᠡᠳᠦᠭᠡᠷ ᠦᠢᠯᠡᠳᠦᠯᠭᠡᠵᠢᠭᠦᠯᠦᠭᠴᠢ᠂ ᠨᠢᠭᠡᠳᠦᠭᠡᠷ ᠠᠬᠢᠭᠤᠯᠤᠭᠴᠢ︾ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠦᠭᠦᠯᠡᠨ ᠠᠬᠢᠭᠤᠯᠵᠤ᠂ ᠪᠦᠬᠦ ᠬᠤᠳᠠ ᠶᠢᠨ ︽ᠬᠥᠮᠥᠨ ᠪᠦᠬᠦᠨ ᠠᠷᠠᠯᠵᠢᠶᠠᠴᠢᠨ ᠤᠷᠢᠬᠤ ᠶᠢ ᠪᠤᠳᠤᠬᠤ᠂ ᠡᠳᠦᠷ ᠪᠣᠯᠭᠠᠨ ᠠᠷᠠᠯᠵᠢᠶᠠᠴᠢᠨ ᠤᠷᠢᠬᠤ ᠶᠢ ᠠᠳᠬᠤᠬᠤ᠂ ᠠᠭᠤᠯᠵᠠᠮᠠᠭᠴᠠ ᠲᠦᠷᠦᠯ ᠵᠦᠢᠯ ᠢ ᠶᠠᠷᠢᠯᠴᠠᠬᠤ︾ ᠠᠷᠠᠯᠵᠢᠶᠠᠴᠢᠨ ᠤᠷᠢᠬᠤ  ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号