ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ | ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2024 ᠣᠨ ᠤ 3 ᠰᠠᠷ᠎ᠠ ᠶᠢᠨ | ᠰᠡᠭᠦᠯᠴᠢ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠨᠢ 2023 ᠣᠨ ᠤ ᠠᠳᠠᠯᠢ ᠬᠤᠭᠤᠴᠠᠭᠠᠨ ᠤ ᠬᠢ ᠲᠠᠢ | ᠦᠨᠳᠦᠰᠦᠨ ᠳᠡᠭᠡᠨ ᠠᠳᠠᠯᠢ ᠪᠠᠶᠢᠵᠤ᠂ ᠵᠠᠷᠢᠮ ᠵᠠᠭᠤᠴᠢᠯᠠᠭᠤᠷ ᠤᠨ ᠬᠢᠨ ᠤ ᠬᠡᠯᠡᠭᠰᠡᠨ ᠰᠢᠭ ︽ᠳᠠᠭᠠᠳᠬᠠᠯ ᠠᠴᠠ | ᠭᠠᠷᠬᠤ ᠤᠷᠤᠰᠬᠠᠯ︾ ᠢᠯᠡᠷᠡᠭᠰᠡᠨ ᠦᠭᠡᠢ ᠭᠡᠵᠡᠢ᠃ | ᠲᠠᠨᠢᠯᠴᠠᠭᠤᠯᠤᠭᠰᠠᠨ ᠢᠶᠠᠷ᠂ 2022 ᠣᠨ ᠳᠤ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ ᠶᠢᠨ ᠳᠣᠲᠣᠷ᠎ᠠ ᠳᠠᠭᠠᠳᠬᠠᠯ ᠳᠤ ᠳᠠᠪᠬᠤᠷ ᠣᠷᠣᠯᠴᠠᠭᠰᠠᠨ᠂ ᠬᠦᠴᠦᠨ ᠦᠭᠡᠢ ᠲᠤᠭ᠎ᠠ ᠪᠠᠷᠢᠮᠲᠠ | ᠪᠤᠯᠬᠤ 4000 ᠲᠦᠮᠡ ᠰᠢᠬᠠᠮ ᠬᠥᠮᠥᠨ ᠢ ᠬᠠᠰᠤᠭᠰᠠᠨ ᠰᠠᠭᠤᠷᠢᠨ ᠳᠡᠭᠡᠷ᠎ᠡ᠂ 2023 ᠣᠨ ᠳᠤ ᠮᠤᠵᠢ | ᠠᠯᠤᠰᠯᠠᠨ ᠳᠠᠭᠠᠳᠬᠠᠯ ᠳᠤ ᠳᠠᠪᠬᠤᠷ ᠣᠷᠣᠯᠴᠠᠭᠰᠠᠨ 1600 ᠲᠦᠮᠡᠨ ᠬᠥᠮᠥᠨ ᠢ ᠦᠷᠭᠦᠯᠵᠢᠯᠡᠨ ᠬᠠᠰᠤᠵᠤ | ᠭᠠᠷᠭᠠᠪᠠ᠂ ︽ᠲᠠᠪᠬᠤᠷᠳᠠᠭᠰᠠᠨ ᠢ ᠨᠢ ᠬᠠᠰᠤᠭᠰᠠᠨ︾ ᠨᠥᠯᠥᠭᠡ ᠶᠢ ᠪᠣᠳᠣᠯᠬᠢᠯᠠᠭᠰᠠᠨ ᠤ ᠳᠠᠷᠠᠭ᠎ᠠ᠂ 2023 | ᠣᠨ ᠳᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 400 ᠲᠦᠮᠡ ᠣᠷᠴᠢᠮ ᠪᠣᠳᠠᠲᠠᠢ ᠨᠡᠮᠡᠭᠳᠡᠪᠡ᠃ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 3.71 ᠳ᠋ᠦᠩᠰᠢᠭᠤᠷ ᠬᠥᠮᠥᠨ | ᠣᠷᠣᠯᠴᠠᠵᠤ᠂ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 9.63 ᠳ᠋ᠦᠩᠰᠢᠭᠤᠷ | ᠬᠥᠮᠥᠨ ᠣᠷᠣᠯᠴᠠᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ | ᠲᠤᠭ᠎ᠠ 900 ᠲᠦᠮᠡ ᠨᠡᠮᠡᠭᠳᠡᠵᠦ᠂ ᠳᠠᠭᠠᠳᠬᠠᠯ ᠳᠤ ᠣᠷᠣᠯᠴᠠᠭᠰᠠᠨ ᠪᠦᠬᠦ ᠬᠥᠮᠥᠨ ᠤ 27.8% ᠶᠢ ᠡᠵᠡᠯᠡᠵᠦ᠂ | ᠳᠠᠭᠠᠳᠬᠠᠯ ᠳᠤ ᠣᠷᠣᠯᠴᠠᠭᠰᠠᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ | ᠡᠭᠦᠨ ᠤ ᠬᠠᠮᠲᠤ 2023 ᠣᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠥᠬᠦ | ᠤᠯᠤᠰ ᠤᠨ 8000 ᠲᠦᠮᠡ ᠰᠢᠬᠠᠮ ᠳᠣᠣᠷ᠎ᠠ ᠣᠷᠣᠯᠭ᠎ᠠ ᠲᠠᠢ ᠬᠥᠮᠥᠨ ᠠᠮᠠ ᠶᠢ ᠳᠠᠭᠠᠳᠬᠠᠯ ᠳᠤ ᠣᠷᠣᠭᠤᠯᠬᠤ ᠶᠢ | ᠬᠠᠪᠰᠤᠷᠤᠨ ᠲᠡᠮᠵᠢᠵᠦ᠂ ᠲᠡᠳᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ᠃ ᠬᠥᠳᠡᠭᠡ ᠲᠣᠰᠬᠤᠨ ᠤ | ᠣᠷᠣᠯᠭ᠎ᠠ ᠪᠠᠭᠠᠲᠠᠢ ᠬᠥᠮᠥᠨ ᠠᠮᠠ ᠶᠢᠨ ᠳᠠᠭᠠᠳᠬᠠᠯ ᠳᠤ ᠣᠷᠣᠬᠤ ᠨᠣᠷᠮ᠎ᠠ ᠶᠢ ᠦᠷᠭᠦᠯᠵᠢᠯᠡᠨ 99% ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ ᠪᠠᠭᠤᠷᠠᠶᠢᠴᠤᠤᠯ ᠤᠨ ᠠᠰᠢᠭ ᠲᠤᠰᠠ ᠶᠢ ᠪᠦᠲᠦᠮᠵᠢᠲᠡᠶ ᠪᠠᠲᠤᠯᠠᠨ᠂ | ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ | ︵︽ᠲᠥᠪ ᠲᠧᠯᠸᠢᠰ ᠤᠨ ᠰᠣᠨᠢᠨ ᠮᠡᠳᠡᠭᠡ ᠲᠠᠪᠴᠡᠩ︾ ᠠᠴᠠ ᠰᠢᠯᠵᠢᠬᠦᠯᠪᠡ︶ | | |