ᠸᠧᠨᠴᠢᠣᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣ ᠴᠣᠬᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/2
      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠴᠣᠬᠴᠠᠯᠠᠵᠣ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 1  ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠬᠤᠳᠠ ᠶᠢᠨ ᠬᠢᠯᠢ ᠶᠢᠨ ᠲᠣᠮᠢᠯᠠᠭᠰᠠᠨ ᠰᠠᠯᠪᠤᠷᠢ᠂ ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠬᠠᠷᠢᠶ᠎ᠠ ᠣᠷᠣᠨ ᠤ ᠪᠠᠨ ᠥᠷᠭᠡᠨ ᠣᠯᠠᠨ ᠰᠠᠭᠤᠭᠠᠯᠢ ᠠᠷᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ   ᠶᠢᠨ ᠤᠬᠠᠮᠰᠠᠷ ᠢ ᠪᠠᠳᠣ ᠴᠣᠭᠴᠠᠯᠠᠬᠤ ᠠᠬᠤᠢ ᠪᠠᠶᠢᠳᠠᠯ᠂ ᠠᠴᠢ ᠬᠤᠯᠪᠣᠭᠳᠠᠯ ᠪᠣᠯᠣᠨ ᠠᠵᠢᠯᠯᠠᠬᠤ ᠠᠷᠭ᠎ᠠ ᠵᠡᠷᠭᠡ ᠭᠤᠷᠪᠠᠨ ᠲᠠᠯ᠎ᠠ ᠶᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠤᠶᠤᠨ ᠰᠠᠨᠠᠭᠠᠨ ᠤ ᠬᠦᠴᠦᠨ ᠴᠢᠳᠠᠯ ᠮᠥᠨ ᠭᠡᠳᠡᠭ ᠢ ᠲᠣᠳᠣᠷᠬᠠᠶᠢᠯᠠᠨ ᠥᠭᠦᠯᠡᠵᠦ᠂ ᠤᠯᠠᠨ ᠢᠶᠠᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠤᠷᠢᠶᠠᠯᠠᠪᠠ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠣᠨ᠂ ᠨᠡᠶᠢᠭᠡᠮ ᠲᠣᠭᠤᠷᠢᠭ ᠤᠨ ᠠᠵᠢᠯᠲᠠᠳ ᠵᠢᠴᠢ ᠰᠠᠭᠤᠭᠠᠯᠢ ᠠᠷᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠢ ᠤᠬᠠᠮᠰᠠᠷ ᠢ ᠤᠯᠠᠮ ᠴᠢᠨᠠᠭᠰᠢᠳᠠ ᠬᠠᠳᠠᠩᠰᠢᠭᠤᠯᠬᠤ ᠶᠢ ᠠᠬᠢᠭᠤᠯᠵᠤ᠂ ᠤᠯᠠᠨ ᠢᠶᠠᠷ ᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠰ ᠮᠠᠳᠣ ᠲᠣᠳᠣᠨᠣ︾ ᠪᠠᠶᠢᠬᠤ ᠲᠤᠬᠠᠢ ᠣᠶᠤᠨᠴᠢ ᠲᠠᠨᠢᠯᠲᠠ ᠪᠠ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠦᠨᠡᠨ ᠬᠦ ᠴᠢᠩᠭᠠᠳᠬᠠᠵᠤ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ  ᠨᠢᠬᠳᠡᠷᠡᠯ ᠤᠨ ᠬᠦᠴᠦᠨ ᠢ  ᠣᠯᠡᠮ ᠪᠦᠷᠢᠯᠳᠣᠬᠦᠯᠪᠡ᠃
 
ᠢᠷᠡᠯᠲᠡ᠄ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号