ᠰᠢᠨ ᠴᠧᠩ ᠵᠡᠭᠡᠯᠢ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/2
       4 ᠰᠠᠷ᠎ᠠ ᠶᠢᠨ 1  ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠢᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢᠳᠣ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠠᠷᠣᠮᠠᠯᠯᠡᠨ ᠲᠠᠷᠬᠠᠭᠠᠬᠰᠠᠨ ︽ᠨᠡᠶᠢᠭᠡᠮ ᠤᠨ ᠢᠲᠡᠭᠡᠮᠵᠢᠳᠣ ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠲᠤᠬᠠᠢ ᠰᠠᠨᠠᠯ︾ ᠵᠢᠴᠢ ᠰᠦᠨ ᠱᠤᠤ ᠴᠧᠩ ᠱᠦᠵᠢ ᠶᠢᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠵᠢᠴᠢ ᠦᠨᠡᠨᠴᠢ ᠢᠲᠡᠭᠡᠮᠵᠢᠳᠣ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠠᠢ ᠃ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠲᠠᠪᠤ ᠠᠯᠪᠡᠨ ᠭᠡᠷ ᠨᠢᠭᠡ ᠲᠥᠪ ᠤᠨ ᠬᠠᠷᠢᠭᠤᠴᠠᠯᠭᠠᠲᠠᠨ ᠪᠣᠯᠣᠨ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠭᠦᠨ ᠨᠠᠷ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠳᠡᠭᠡᠷ᠎ᠡ᠂ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠳᠠᠭᠠᠭᠤᠯᠤᠨ ᠰᠤᠷᠤᠯᠴᠠᠪᠡ᠃ ᠲᠡᠷᠡ᠂ ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢᠳᠣ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠲᠤᠭᠤᠰᠢᠯᠠᠭᠤᠯᠤᠨ ᠰᠤᠷᠤᠯᠴᠠᠵᠤ᠂ ᠦᠨᠡᠨᠴᠢ ᠢᠲᠡᠭᠡᠮᠵᠢᠳᠣ ᠪᠠᠶᠢᠭᠤᠯᠤᠯᠲᠠ ᠶᠢ ᠴᠢᠩᠭᠠᠳᠬᠠᠨ᠂ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠪᠡᠶᠡᠴᠢ ᠴᠣᠭᠴᠠ ᠶᠢᠨ ᠢᠲᠡᠭᠡᠮᠵᠢᠳᠣ ᠪᠠᠶᠢᠳᠠᠯ ᠢ ᠲᠣᠳᠣᠷᠬᠠᠢ ᠡᠵᠡᠮᠰᠢᠨ᠂ ᠬᠤᠳᠠᠯ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ᠂ ᠬᠠᠤᠯᠢ ᠠᠴᠠ ᠵᠥᠷᠢᠴᠡᠨ ᠵᠠᠷ ᠭᠠᠷᠭᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠪᠡᠯᠡ ᠣᠷᠣᠭᠤᠯᠵᠤ ᠠᠳᠠᠯ ᠦᠢᠯᠡᠰ ᠴᠣᠭᠴᠠᠯᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠢ ᠭᠡᠵᠡᠢ᠃      ᠬᠤᠷᠠᠯ ᠠᠴᠠ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠳᠠᠯᠳᠤᠭᠠᠨ ᠤ ᠲᠡᠯᠭᠡᠬᠦᠷ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠲᠠᠯ᠎ᠠ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠤᠯᠠᠨ ᠢᠶᠠᠷ ᠢᠶᠠᠨ ᠦᠨᠡᠨᠴᠢ ᠢᠲᠡᠭᠡᠮᠵᠢᠳᠣ ᠪᠠᠶᠢᠭᠤᠯᠤᠯᠲᠠ ᠳᠤ ᠣᠷᠣᠯᠴᠠᠬᠤ ᠶᠢ ᠵᠣᠷᠢᠬᠵᠢᠭᠤᠯᠬᠤ ᠭᠡᠷᠡᠭᠳᠡᠢ᠃ ᠬᠤᠪᠢ ᠬᠥᠮᠥᠨ ᠤ ᠦᠨᠡᠨᠴᠢ ᠢᠲᠡᠭᠡᠮᠵᠢᠳᠣ ᠪᠠᠶᠢᠭᠤᠯᠤᠯᠲᠠ ᠶᠢ ᠬᠠᠤᠯᠢ ᠶᠣᠰᠣᠭᠠᠷ ᠲᠦᠯᠬᠢᠨ ᠠᠬᠢᠭᠤᠯᠬᠤ ᠭᠡᠷᠡᠭᠳᠡᠢ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠵᠢᠯᠯᠠᠭᠠᠨ ᠤ ᠲᠣᠭᠤᠷᠢᠨ ᠳᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠵᠢᠴᠢ ᠪᠠᠶᠢᠭᠠᠯᠢ ᠬᠥᠮᠥᠨ ᠵᠡᠷᠭᠡ ᠡᠯ᠎ᠡ ᠲᠥᠷᠥᠯ ᠤᠨ ᠭᠤᠣᠯ ᠴᠣᠭᠴᠠ ᠳᠤ ᠢᠲᠡᠭᠡᠮᠵᠢ ᠶᠢᠨ ᠪᠠᠶᠢᠭᠤᠯᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠭᠡᠷᠡᠭᠳᠡᠢ ᠭᠡᠵᠣ ᠴᠢᠬᠤᠯᠠᠴᠢᠯᠡᠪᠡ᠃      ᠲᠠᠷᠠᠭᠠᠴᠢ ᠶᠢᠨ ᠠᠯᠬᠤᠮ ᠳᠤ᠂  ᠰᠢᠨ ᠴᠧᠩ ᠵᠡᠭᠡᠯᠢ ᠶᠢᠨ ᠬᠢᠨ ᠪᠣᠳᠡᠳᠣ ᠪᠠᠶᠢᠳᠠᠯ ᠲᠠᠢ ᠪᠠᠨ ᠤᠶᠠᠯᠳᠤᠭᠤᠯᠤᠨ᠂ ᠢᠲᠡᠭᠡᠮᠵᠢ ᠶᠢᠨ ᠲᠡᠮᠳᠡᠭᠯᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠨ᠂ ᠢᠲᠡᠭᠡᠯ ᠢᠶᠠᠨ ᠠᠯᠳᠠᠬᠤ ᠵᠣᠷᠢᠭ ᠦᠭᠡᠢ᠂ ᠢᠲᠡᠭᠡᠯ ᠢᠶᠠᠨ ᠠᠯᠳᠠᠵᠤ ᠪᠣᠯᠬᠤ ᠦᠭᠡᠢ᠂ ᠢᠲᠡᠭᠡᠯ ᠢᠶᠠᠨ ᠠᠯᠳᠠᠬᠤ ᠶᠢ ᠪᠤᠳᠤᠬᠤ ᠦᠭᠡᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ᠂ ᠡᠯ᠎ᠡ ᠵᠦᠢᠯ ᠤᠨ ᠠᠵᠢᠯ ᠢ ᠴᠥᠮ  ᠬᠠᠷᠢᠭᠤᠴᠠᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号