ᠲᠢᠶᠠᠨ ᡂᠢ ᠪᠠᠯᠭᠠᠰᠤ ︽ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠵᠤ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ ᠡᠳ᠋ᠯᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/2
     ᠡᠷᠡᠭᠦᠯ ᠬᠠᠮᠠᠭᠠᠯᠠᠯ ᠤᠨ ᠰᠢᠶᠠᠩ ᠪᠠᠯᠭᠠᠰᠣ ᠶᠢ ᠡᠬᠦᠳᠣᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠠᠷᠠᠳ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠣ ᠶᠢ ᠡᠬᠦᠳᠣᠨ ᠪᠠᠶᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠣᠯᠠᠨ ᠤ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠣ ᠶᠢ ᠡᠬᠦᠳᠣᠨ ᠪᠠᠶᠢᠭᠤᠯᠬᠤ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠲᠢᠶᠠᠨ ᡂᠢ ᠨᠡᠶᠢᠭᠡᠮ ᠲᠣᠭᠤᠷᠢᠭ ᠤᠨ ᠬᠢᠨ ︽ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠵᠤ᠂ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ ᠡᠳ᠋ᠯᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ᠂ ᠬᠤᠳᠠᠯᠳᠤᠭᠠᠨ ᠤ ᠡᠷᠦᠬᠡ ᠪᠠᠷ ᠬᠦᠷᠴᠦ᠂ ᠰᠠᠭᠤᠭᠠᠯᠢ ᠠᠷᠠᠳ ᠲᠤ ᠡᠷᠡᠭᠦᠯ ᠬᠠᠮᠠᠭᠠᠯᠠᠯ ᠤᠨ ᠮᠡᠳᠡᠯᠭᠡ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠲᠠᠮᠠᠬᠢ ᠣᠣᠭᠤᠬᠤ ᠶᠢᠨ ᠬᠤᠣᠷ ᠬᠥᠨᠥᠭᠡᠯ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠲᠠᠶᠢᠴᠢᠯᠡᠨ ᠵᠢᠯᠤᠭᠤᠳᠴᠤ ᠡᠷᠡᠭᠦᠯ ᠰᠠᠷᠠᠭᠤᠯ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠡᠢ᠃ ᠪᠠᠰᠠ ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠠᠴᠠ ᠨᠠᠷᠢᠨ ᠨᠢᠮᠪᠠᠢ ᠬᠠᠷᠢᠭᠤᠯᠲᠠ ᠥᠭᠬᠦ ᠶᠢᠨ ᠬᠠᠮᠲᠤ ᠤᠯᠠᠨ ᠢ ᠤᠷᠢᠶᠠᠯᠠᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠤᠬᠠᠭᠤᠯᠤᠭᠴᠢ᠂ ᠣᠷᠣᠯᠴᠠᠭᠴᠢ᠂ ᠬᠢᠨᠠᠯᠲᠠ ᠲᠠᠯᠪᠢᠭᠴᠢ ᠪᠣᠯᠬᠤ ᠬᠡᠷᠡᠭᠲᠡᠢ  ᠭᠡᠵᠡᠢ᠃      ᠲᠣᠰ ᠤᠳᠠᠭᠠᠨ ᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠤᠨ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠳᠤ ᠬᠠᠮᠲᠤ ᠪᠠᠷ ᠣᠷᠣᠯᠴᠠᠬᠤ ᠬᠠᠯᠠᠭᠤᠨ ᠰᠡᠳᠬᠢᠯᠭᠡ ᠶᠢ ᠳᠠᠶᠢᠴᠢᠯᠠᠵᠤ᠂ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ ᠥᠪᠡᠷ ᠤᠨ ᠭᠡᠰᠡᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠵᠤ᠂ ᠴᠡᠪᠡᠷ ᠲᠣᠬᠢᠯᠢᠭ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠭᠦᠯᠦᠭᠰᠡᠨ ᠪᠠᠶᠢᠨ᠎ᠠ ᠃  
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠰᠢᠳᠢᠲᠦ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号