ᠢᠷᠪᠢᠰ ᠵᠡᠭᠡᠯᠢ ᠶᠢᠨ ᠨᠥᠮᠥᠷᠭᠡᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠪᠣᠬᠢᠷᠲᠤᠯ ᠦᠭᠡᠢ ᠬᠠᠩᠰᠢ —— ᠪᠣᠯᠪᠠᠰᠤᠨ  ᠳᠠᠬᠢᠯᠭ᠎ᠠ︾ ᠶᠢᠨ ᠤᠬᠠᠭᠤᠯᠭ᠎ᠠ  ᠬᠢᠵᠡᠢ
ᠨᠡᠶᠢᠲᠡᠯᠡᠭᠰᠡᠨ ᠴᠠᠭ᠄
2024/4/2
     ᠬᠠᠭᠤᠴᠢᠨ ᠳᠠᠬᠢᠯᠭ᠎ᠠ ᠶᠢᠨ ᠵᠠᠩᠰᠢᠯ ᠢ ᠲᠠᠶᠠᠭᠳᠠᠨ᠂ ᠰᠠᠭᠤᠭᠠᠯᠢ ᠠᠷᠠᠳ ᠢ ᠲᠠᠶᠢᠴᠢᠯᠡᠨ ᠵᠢᠯᠤᠭᠤᠳᠴᠤ ᠪᠠᠶᠢᠭᠠᠳ ᠪᠣᠯᠪᠠᠰᠤᠨ ᠪᠥᠭᠡᠳ ᠣᠷᠴᠢᠨ ᠠᠬᠤᠢ ᠶᠢ ᠬᠠᠮᠠᠭᠠᠯᠠᠬᠤ ᠳᠠᠬᠢᠯᠭ᠎ᠠ ᠶᠢᠨ ᠬᠡᠯᠪᠡᠷᠢ ᠶᠢ ᠰᠣᠷᠳᠡᠯᠴᠢᠯᠠᠬᠤ ᠶᠢᠨ ᠲᠥᠯᠥᠭᠡ᠂ ᠬᠠᠩᠰᠢ ᠬᠦᠷᠴᠦ ᠢᠷᠡᠬᠦ ᠲᠠᠰᠢᠷᠠᠮ ᠳᠤ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠥᠮᠥᠷᠭᠡᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠬᠠᠷᠢᠶ᠎ᠠ ᠲᠣᠭᠤᠷᠢᠭ ᠲᠤ ︽ ᠪᠣᠬᠢᠷᠳᠣᠯ ᠦᠭᠡᠢ ᠬᠠᠩᠰᠢ —— ᠪᠣᠯᠪᠠᠰᠤᠨ ᠳᠠᠬᠢᠯᠭ᠎ᠠ︾ ᠶᠢᠨ ᠤᠬᠠᠭᠤᠯᠭ᠎ᠠ   ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠨ᠂ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠶ ᠪᠣᠯᠭᠠᠵᠠᠢ᠃      ᠠᠵᠢᠯᠯᠠᠭ᠎ᠠ ᠶᠢᠨ ᠳᠤᠮᠳᠠ ᠡᠮᠡᠭᠲᠡᠶᠢᠴᠦᠳ ᠤᠨ ᠬᠤᠯᠪᠣᠭᠠᠨ ᠤ ᠠᠵᠢᠯᠲᠠᠳ ᠪᠣᠯᠣᠨ ︽ᠠᠮᠤᠷ ᠠᠮᠤᠭᠤᠯᠠᠩ ᠡᠵᠢ︾ ᠠᠴᠠ ᠰᠠᠭᠤᠭᠠᠯᠢ ᠠᠷᠠᠳ ᠲᠤ ᠪᠣᠯᠪᠠᠰᠤᠨ ᠳᠠᠬᠢᠯᠭ᠎ᠠ   ᠶᠢᠨ ᠤᠬᠠᠭᠤᠯᠭ᠎ᠠ   ᠶᠢᠨ ᠭᠠᠷ ᠳᠡᠪᠲᠡᠷ ᠲᠠᠷᠬᠠᠭᠠᠵᠤ ᠂ ᠬᠠᠩᠰᠢ   ᠶᠢᠨ ᠲᠠᠬᠢᠯᠭ᠎ᠠ   ᠶᠢᠨ ᠬᠤᠭᠤᠴᠠᠭᠠᠨ ᠳᠤ ᠢᠯᠡ ᠭᠠᠯ ᠠᠪᠴᠤ ᠠᠭᠤᠯᠠᠨ ᠳᠤ ᠭᠠᠷᠬᠤ ᠦᠭᠡᠢ᠂ ᠬᠤᠸᠠᠷ ᠫᠤᠤᠵᠢᠩ ᠲᠠᠯᠪᠢᠬᠤ ᠦᠭᠡᠢ᠂ ᠴᠠᠭᠠᠰᠤᠨ ᠵᠣᠭᠤᠰ ᠰᠢᠲᠠᠭᠠᠬᠤ ᠦᠭᠡᠢ᠂ ᠭᠠᠯ ᠤᠨ ᠠᠶᠤᠯ ᠭᠠᠷᠬᠤ ᠠᠴᠠ ᠴᠢᠩᠭ᠎ᠠ ᠰᠠᠷᠭᠡᠶᠢᠯᠡᠬᠦ ᠬᠡᠷᠡᠭᠲᠡᠢ ᠭᠡᠵᠦ ᠰᠠᠭᠤᠭᠠᠯᠢ ᠠᠷᠠᠳ   ᠢ ᠢᠳᠬᠠᠵᠠᠢ᠃  ᠰᠠᠭᠤᠭᠠᠯᠢ ᠠᠷᠠᠳ ᠲᠤ ᠰᠣᠷᠭᠤᠭ ᠴᠡᠴᠡᠭ ᠢᠶᠠᠷ ᠳᠠᠬᠢᠬᠤ᠂ ᠮᠣᠳᠣ ᠲᠠᠷᠢᠵᠤ ᠳᠠᠬᠢᠬᠤ ᠵᠡᠷᠭᠡ ᠡᠷᠡᠭᠦᠯ ᠥᠭᠡᠳᠡᠷᠬᠡᠭ ᠠᠷᠭ᠎ᠠ ᠮᠠᠶ᠋ᠢᠭ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠵᠤ᠂ ᠢᠳᠡᠪᠬᠢᠲᠡᠢ ᠪᠠᠷ ᠲᠠᠶᠢᠴᠢᠯᠡᠨ ᠵᠢᠯᠤᠭᠤᠳᠴᠤ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠪᠠ ᠮᠠᠭᠤ ᠳᠠᠳᠬᠠᠯ ᠢ ᠡᠰᠡᠷᠭᠦᠴᠡᠨ ᠬᠤᠷᠢᠭᠯᠠᠵᠤ᠂ ᠪᠣᠯᠪᠠᠰᠤᠨ ᠢᠶᠠᠷ ᠳᠠᠬᠢᠯᠭ᠎ᠠ ᠬᠢᠯᠭᠡᠭᠡᠷᠡᠢ ᠭᠡᠵᠡᠢ᠃      ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠪᠣᠯᠪᠠᠰᠤᠨ ᠳᠠᠬᠢᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠣᠯᠪᠠᠰᠤᠨ ᠪᠥᠭᠡᠳ ᠠᠷᠪᠢᠴᠢ ᠭᠠᠮᠲᠠᠢ ᠪᠠᠷ ᠣᠩᠭᠤᠨ ᠱᠦᠭᠦᠷᠳᠡᠬᠦ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ︽ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠳᠠᠬᠢᠬᠤ᠂ ᠪᠣᠬᠢᠷᠲᠤᠯ ᠦᠭᠡᠢ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ ᠃  
 
ᠢᠷᠡᠯᠲᠡ᠄ ᠢᠷᠪᠢᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号