ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠮᠦᠷ ᠲᠦᠪᠰᠢᠨ ᠤ ᠲᠠᠯᠳᠠ ᠬᠡᠮ ᠢ ᠪᠠᠶᠢᠴᠠᠭᠠᠬᠤ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2024/4/2
     ᠬᠡᠷ ᠤᠨ ᠭᠠᠳᠠᠨᠠᠬᠢ LED ᠡᠯᠧᠺᠲᠷᠤᠨ ᠲᠡᠯᠬᠡᠴᠡ ᠶᠢᠨ ᠠᠮᠦᠷ ᠲᠦᠪᠰᠢᠨ ᠤ ᠬᠠᠮᠢᠶᠠᠷᠦᠯᠳᠠ ᠶᠢ ᠴᠢᠩᠭᠠᠳᠬᠠᠵᠦ᠂ ᠰᠦᠯᠵᠢᠶᠡᠨ ᠤ ᠠᠮᠦᠷ ᠲᠦᠪᠰᠢᠨ ᠤ ᠬᠡᠷᠡᠭ ᠡᠬᠦᠰᠬᠦ ᠶᠢ ᠤᠷᠢᠳᠴᠢᠯᠠᠨ ᠰᠡᠷᠬᠡᠶᠢᠯᠡᠵᠦ᠂ ᠰᠦᠯᠵᠢᠶᠡᠨ ᠤ ᠠᠮᠦᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠦᠨᠡᠨ ᠬᠦ ᠪᠠᠳᠦᠯᠠᠬᠤ ᠶᠢᠨ ᠲᠦᠯᠦᠬᠡ᠂ ᠤᠶᠢᠷ᠎ᠠ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠦᠷ ᠢ ᠬᠠᠮᠠᠭᠠᠯᠠᠬᠤ ᠬᠠᠮᠢᠶᠠᠷᠦᠯᠳᠠ ᠶᠢᠨ ᠶᠡᠭᠡ ᠠᠩᠬᠢ ᠬᠠᠷᠢᠶᠠᠳᠤ ᠤᠷᠤᠨ ᠤ ᠪᠠᠨ LED ᠡᠯᠧᠺᠲᠷᠤᠨ ᠲᠡᠯᠬᠡᠴᠡ ᠵᠢᠴᠢ ᠡᠵᠡᠮᠰᠢᠯ ᠤᠨ ᠰᠢᠰᠲ᠋ᠧᠮ ᠳᠤ ᠠᠮᠦᠷ ᠲᠦᠪᠰᠢᠨ ᠤ ᠲᠠᠯᠳᠠ ᠬᠡᠮ ᠢ ᠪᠠᠶᠢᠴᠠᠭᠠᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠪᠠᠶᠢᠴᠠᠭᠠᠯᠳᠠ ᠳᠤ᠂ ᠠᠷᠠᠳ ᠤᠨ ᠴᠠᠬᠳᠠᠭ᠎ᠠ ᠬᠠᠷᠢᠶᠠᠳᠤ ᠤᠷᠤᠨ ᠤ ᠪᠠᠨ LED ᠡᠯᠧᠺᠲᠷᠤᠨ ᠲᠡᠯᠬᠡᠴᠡ ᠲᠠᠢ ᠪᠠᠶᠢᠭᠤᠯᠭ᠎ᠠ ᠪᠠ ᠲᠠᠯᠠᠪᠦᠷ ᠭᠠᠵᠠᠷ ᠢᠶᠠᠷ ᠨᠢᠭᠡᠳ ᠨᠢᠬᠡ ᠪᠠᠷ ᠪᠠᠶᠢᠴᠠᠭᠠᠵᠦ᠂ LED ᠡᠯᠧᠺᠲᠷᠤᠨ ᠲᠡᠯᠬᠡᠴᠡ ᠶᠢ ᠬᠡᠷᠡᠭᠯᠡᠵᠦ ᠪᠠᠶᠢᠭ᠎ᠠ ᠪᠠᠶᠢᠳᠠᠯ ᠪᠠ ᠤᠬᠠᠭᠤᠯᠭ᠎ᠠ ᠶᠢᠨ ᠠᠭᠤᠯᠭ᠎ᠠ ᠶᠢ ᠨᠠᠷᠢᠯᠢᠭ ᠦᠵᠡᠵᠦ᠂ ᠬᠡᠷᠡᠭᠯᠡᠯᠳᠡ ᠶᠢᠨ ᠪᠠᠶᠢᠭᠤᠯᠭ᠎ᠠ ᠶᠢᠨ ᠠᠮᠦᠷ ᠲᠦᠪᠰᠢᠨ ᠤ ᠬᠠᠮᠢᠶᠠᠷᠦᠯᠳᠠ ᠶᠢᠨ ᠬᠠᠷᠢᠭᠤᠴᠠᠯᠭᠠᠳᠠᠨ᠂ ᠪᠠᠴᠢᠮ ᠬᠠᠷᠢᠯᠴᠠᠬᠤ ᠬᠦᠮᠦᠨ᠂ ᠰᠦᠯᠵᠢᠶᠡᠨ ᠤ ᠪᠠᠶᠢᠳᠠᠯ ᠵᠡᠷᠭᠡ ᠦᠨᠳᠦᠰᠦᠨ ᠪᠠᠶᠢᠳᠠᠯ ᠪᠠ ᠰᠦᠯᠵᠢᠶᠡᠨ ᠤ ᠠᠮᠦᠷ ᠲᠦᠪᠰᠢᠨ ᠤ ᠰᠡᠷᠬᠡᠶᠢᠯᠡᠯᠳᠡ ᠶᠢᠨ ᠠᠷᠭ᠎ᠠ ᠠᠪᠴᠠᠯ ᠢ ᠲᠤᠭᠤᠰᠢᠯᠠᠭᠤᠯᠤᠬᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠦ᠂ LED ᠡᠯᠧᠺᠲᠷᠤᠨ ᠲᠡᠯᠬᠡᠴᠡ ᠬᠡᠷᠡᠭᠯᠡᠵᠦ ᠪᠠᠶᠢᠭ᠎ᠠ ᠪᠠᠶᠢᠭᠤᠯᠭ᠎ᠠ ᠲᠠᠢ ︽ᠡᠯᠧᠺᠲᠷᠤᠨ ᠲᠡᠯᠬᠡᠴᠡ ᠶᠢᠨ ᠰᠦᠯᠵᠢᠶᠡᠨ ᠤ ᠠᠮᠦᠷ ᠲᠦᠪᠰᠢᠨ ᠤ ᠠᠮᠠᠯᠠᠯᠳᠠ ᠶᠢᠨ ᠪᠢᠴᠢᠭ︾ ᠤᠨ ᠵᠦᠪᠯᠡᠯᠴᠡᠭᠡᠷ ᠲᠤᠬᠳᠠᠬᠰᠠᠨ ᠪᠦᠭᠡᠳ ᠬᠠᠮᠢᠶ᠎ᠠ ᠪᠦᠬᠦᠢ ᠪᠠᠶᠢᠭᠤᠯᠭ᠎ᠠ ᠶᠢ ᠰᠦᠯᠵᠢᠶᠡᠨ ᠤ ᠠᠮᠦᠷ ᠲᠦᠪᠰᠢᠨ ᠤ ᠰᠡᠷᠬᠡᠶᠢᠯᠡᠯᠳᠡ ᠶᠢᠨ ᠠᠵᠢᠯ ᠢ ᠴᠢᠬᠤᠯᠠᠴᠢᠯᠠᠵᠦ᠂ ᠡᠳᠦᠷ ᠲᠤᠳᠤᠮ ᠤᠨ ᠲᠤᠭᠤᠷᠢᠨ ᠪᠠᠶᠢᠴᠠᠭᠠᠯᠳᠠ ᠪᠠ ᠰᠦᠯᠵᠢᠶᠡᠨ ᠤ ᠠᠮᠦᠷ ᠲᠦᠪᠰᠢᠨ ᠤ ᠲᠠᠯᠳᠠ ᠬᠡᠮ ᠢ ᠦᠪᠡᠰᠦᠪᠡᠨ ᠪᠠᠶᠢᠴᠠᠭᠠᠵᠦ ᠴᠡᠭᠴᠡᠯᠡᠨ ᠵᠠᠰᠠᠵᠦ᠂ ᠠᠭᠤᠯᠭ᠎ᠠ ᠶᠢ ᠰᠢᠨᠡᠳᠬᠡᠬᠦ ᠡᠷᠬᠡ ᠶᠢᠨ ᠬᠢᠵᠠᠭᠠᠷ ᠤᠨ ᠬᠠᠮᠢᠶᠠᠷᠦᠯᠳᠠ ᠪᠠ ᠠᠮᠦᠷ ᠲᠦᠪᠰᠢᠨ ᠶᠢᠨ ᠬᠢᠨᠠᠯᠳᠠ ᠶᠢ ᠴᠢᠩᠭᠠᠳᠬᠠᠵᠦ᠂ ᠲᠠᠯᠳᠠ ᠬᠡᠮ ᠢ ᠦᠨᠡᠨ ᠬᠦ ᠠᠷᠢᠯᠭᠠᠵᠦ᠂ ᠰᠦᠯᠵᠢᠶᠡᠨ ᠤ ᠠᠮᠦᠷ ᠲᠦᠪᠰᠢᠨ ᠤ ᠬᠡᠷᠡᠭ ᠡᠬᠦᠰᠬᠦ ᠶᠢ ᠡᠷᠡᠰ ᠬᠤᠷᠢᠬᠯᠠᠬᠤ ᠬᠡᠷᠡᠭᠳᠡᠢ ᠭᠡᠵᠦ ᠱᠠᠭᠠᠷᠳᠠᠬᠰᠠᠨ ᠪᠠᠶᠢᠨ᠎ᠠ      ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠭᠤᠯᠤᠨ᠂ ᠬᠠᠷᠢᠶᠠᠳᠤ ᠤᠷᠤᠨ ᠤ ᠪᠠᠨ LED ᠡᠯᠧᠺᠲᠷᠤᠨ ᠲᠡᠯᠬᠡᠴᠡ ᠬᠡᠷᠡᠭᠯᠡᠵᠦ ᠪᠠᠶᠢᠭ᠎ᠠ ᠪᠠᠶᠢᠭᠤᠯᠭ᠎ᠠ ᠶᠢᠨ ᠰᠦᠯᠵᠢᠶᠡᠨ ᠤ ᠠᠮᠦᠷ ᠲᠦᠪᠰᠢᠨ ᠤ ᠬᠠᠮᠢᠶᠠᠷᠦᠯᠳᠠ ᠶᠢᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠵᠦ᠂ LED ᠡᠯᠧᠺᠲᠷᠤᠨ ᠲᠡᠯᠬᠡᠴᠡ ᠬᠡᠷᠡᠭᠯᠡᠵᠦ ᠪᠠᠶᠢᠭ᠎ᠠ ᠪᠠᠶᠢᠭᠤᠯᠭ᠎ᠠ ᠶᠢᠨ ᠠᠮᠦᠷ ᠲᠦᠪᠰᠢᠨ ᠤ ᠰᠡᠷᠬᠡᠶᠢᠯᠡᠯᠳᠡ ᠪᠠ ᠲᠦᠷᠢᠮᠵᠢᠭᠰᠡᠨ ᠬᠡᠷᠡᠭᠯᠡᠯᠳᠡ ᠶᠢᠨ ᠴᠢᠳᠠᠪᠦᠷᠢ ᠶᠢ ᠠᠰᠢᠬᠳᠠᠢ ᠲᠡᠭᠡᠭᠰᠢᠯᠡᠬᠦᠯᠵᠦ᠂ ᠰᠦᠯᠵᠢᠶᠡᠨ ᠤ ᠠᠮᠦᠷ ᠲᠦᠪᠰᠢᠨ ᠤ ᠠᠵᠢᠯ ᠢ ᠰᠠᠶᠢᠳᠦᠷ ᠬᠢᠬᠦ ᠳᠤ ᠪᠠᠳᠦ ᠰᠠᠭᠤᠷᠢ ᠶᠢ ᠲᠠᠯᠪᠢᠬᠰᠠᠨ ᠪᠠᠶᠢᠨ᠎ᠠ᠃ ︵ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号