ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 11 — 12 ᠳ᠋ᠤᠭᠠᠷ ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠶᠢ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/23
     ᠷᠡᠰᠢᠶᠠᠨ ᠵᠠᠰᠠᠭ ᠠᠯᠪᠠᠨ ᠲᠠᠷᠬᠠᠭᠠᠭᠰᠠᠨ 〔2024〕 2 ᠳ᠋ᠤᠭᠠᠷ ᠲᠣᠭᠠᠲᠤ      ᠡᠯ᠎ᠡ ᠪᠠᠯᠭᠠᠰᠤ ᠵᠡᠭᠡᠯᠢ᠂ ᠡᠯ᠎ᠡ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ ᠳᠤ      ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ﹀ ᠦᠨᠡᠯᠡᠨ ᠶᠠᠷᠢᠯᠴᠠᠬᠤ ᠲᠣᠭᠲᠠᠴᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ 11 ︱ 12 ᠳ᠋ᠤᠭᠠᠷ ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠦᠨᠡᠯᠡᠨ ᠶᠠᠷᠢᠯᠴᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠨᠡᠷᠡᠰ ᠤᠨ ᠵᠢᠭᠰᠠᠭᠠᠯᠲᠠ ᠶᠢᠨ ᠡᠮᠦᠨ᠎ᠡ ᠪᠠᠶᠢᠭ᠎ᠠ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ      ᠵᠡᠭᠡᠯᠢ ᠭᠤᠳᠤᠮᠵᠢ ᠶᠢᠨ ᠳᠤᠭᠤᠶᠢᠯᠠᠩ᠄ ᠮᠢᠩ ᠱᠦᠢ ᠾᠧ ᠪᠠᠯᠭᠠᠰᠤ᠂ ᠸᠧᠨᠴᠢᠣᠸᠠᠨ ᠵᠡᠭᠡᠯᠢ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ᠄ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      ᠬᠤᠶᠠᠷ᠂ ᠨᠡᠷᠡᠰ ᠤᠨ ᠵᠢᠭᠰᠠᠭᠠᠯᠲᠠ ᠶᠢᠨ ᠠᠷᠤ ᠳᠤ ᠵᠢᠭᠰᠠᠭᠠᠭᠳᠠᠭᠰᠠᠨ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ      ᠪᠠᠯᠭᠠᠰᠣ ᠵᠡᠭᠡᠯᠢ ᠶᠢᠨ ᠳᠤᠭᠤᠶᠢᠯᠠᠩ᠄ ᠰᠢᠨ ᠴᠧᠩ ᠵᠡᠭᠡᠯᠢ᠂ ᠢᠷᠪᠢᠰ ᠵᠡᠭᠡᠯᠢ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠶᠠᠷᠢᠯᠴᠠᠭᠠᠨ ᠤ ᠲᠠᠪᠴᠠᠩ ᠤᠨ ᠲᠥᠪ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                  ᠡᠬᠦᠨ᠎ᠠ ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠦᠨᠡᠯᠡᠨ ᠶᠠᠷᠢᠯᠴᠠᠬᠤ ᠲᠣᠭᠲᠠᠴᠠ ᠶᠢᠨ 11 ︱ 12 ᠳ᠋ᠤᠭᠠᠷ ᠰᠠᠷ᠎ᠠ ᠶᠢᠨ ᠬᠤᠪᠢ ᠲᠣᠭᠲᠠᠭᠠᠬᠤ ᠲᠣᠬᠠᠢ ᠬᠤᠷᠢᠶᠠᠩᠭᠤᠢ ᠬᠦᠰᠦᠨᠦᠭᠲᠦ                      2024 ᠣᠨ ᠤ 1 ᠰᠠᠷ᠎ᠠ ᠶᠢᠨ 22   ᠤᠨ ᠡᠳᠣᠷ      ※ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号