2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/4/23
     ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ᠂ ᠪᠥᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ︽ᠣᠶ ᠰᠢᠭᠤᠢ ᠶᠢᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠭᠠᠯ ᠲᠣᠶᠢᠮᠡᠷ ᠢ ᠰᠡᠷᠭᠡᠶᠢᠯᠡᠬᠦ ᠬᠤᠭᠤᠴᠠᠭ᠎ᠠ      2024 ᠣᠨ ᠤ 3 ᠰᠠᠷ᠎ᠠ ᠶᠢᠨ 15 ︱ 6 ᠰᠠᠷ᠎ᠠ ᠶᠢᠨ 15 ᠤ ᠡᠳᠦᠷ︔ ᠡᠭᠦᠨ ᠳᠤ ᠬᠠᠪᠤᠷ ᠤᠨ ᠤᠯᠠᠷᠢᠯ ᠤᠨ ᠭᠠᠯ ᠲᠣᠶᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠨᠢ 4 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠳᠡᠯ᠎ᠠ ᠶᠠᠪᠣᠬᠳᠡᠨ᠎ᠠ᠃      ᠬᠤᠶᠠᠷ᠂ ᠭᠤᠣᠯᠳᠠᠯᠭ᠎ᠠ ᠲᠠᠢ ᠰᠡᠷᠭᠡᠶᠢᠯᠡᠬᠦ ᠣᠷᠣᠨ ᠪᠦᠰᠡ      ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠪᠦᠰᠡ ᠳᠤ ᠭᠤᠣᠯᠳᠠᠭᠤ᠄ ᠷᠠᠰᠢᠶᠠᠨ ᠤ ᠰᠧᠨ ᠭᠥᠩ ᠬᠢᠵᠠᠭᠠᠷᠲᠤ ᠺᠣᠮᠫᠠᠨᠢ᠂ ᠦ᠋ ᠴᠠ ᠭᠧᠦ ᠣᠶ ᠰᠢᠭᠤᠢ ᠶᠢᠨ ᠲᠣᠪᠴᠢᠶ᠎ᠠ᠂ ᠪᠠᠢ ᠯᠠᠩ ᠣᠶ ᠰᠢᠭᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ 5A ᠲᠠᠰ ᠤᠨ ᠣᠶ ᠰᠢᠭᠤᠢ ᠶᠢᠨ ᠴᠡᠴᠡᠷᠯᠢᠭ᠂ ᠷᠠᠰᠢᠶᠠᠨ ᠪᠣᠭᠤᠮᠲᠠ ᠶᠢᠨ ᠦᠵᠡᠮᠵᠢ ᠶᠢᠨ ᠣᠷᠣᠨ᠂ ᠳᠥᠷᠪᠡᠨ ᠪᠠᠯᠭᠠᠰᠤ ᠳᠥᠷᠪᠡᠨ ᠵᠡᠭᠡᠯᠢ ᠶᠢᠨ ᠬᠠᠷᠢᠶ᠎ᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠣᠷᠣᠨ᠂ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ᠂ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ᠂ ᠬᠠᠳᠤᠯᠠᠩ ᠪᠡᠯᠴᠢᠭᠡᠷ ᠵᠢᠴᠢ ᠣᠶ ᠰᠢᠭᠤᠢ ᠡᠪᠡᠰᠦ ᠪᠡᠯᠴᠢᠭᠡᠷ ᠲᠤ ᠬᠤᠯᠪᠣᠭᠳᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠪᠠᠭᠲᠠᠨ᠎ᠠ᠃      ᠭᠤᠷᠪᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ      ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠬᠤᠭᠤᠴᠠᠭᠠᠨ ᠳᠤ ᠪᠠ ᠭᠠᠯ ᠰᠡᠷᠭᠡᠶᠢᠯᠡᠬᠦ ᠣᠷᠣᠨ ᠳᠤ᠂ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠦᠶᠯᠡ ᠠᠵᠢᠯᠯᠠᠭ᠎ᠠ ᠶᠢ ᠴᠠᠭᠠᠵᠠᠯᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠥᠨ ᠳᠣᠣᠷᠠᠬᠢ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠄      ︵ᠨᠢᠭᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠲᠠᠮᠠᠬᠢ ᠣᠣᠭᠤᠬᠤ᠂ ᠬᠡᠭᠡᠷ᠎ᠡ ᠬᠤᠭᠤᠯᠠᠯᠠᠬᠤ᠂ ᠳᠤᠯᠠᠭᠠᠯᠠᠬᠤ᠂ ᠠᠩ ᠠᠩᠨᠠᠬᠤ᠂ ᠭᠠᠯ ᠲᠠᠯᠪᠢᠵᠤ ᠠᠷᠢᠶᠠᠲᠠᠨ ᠢ ᠦᠯᠳᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠠᠲᠠᠷ ᠬᠠᠭᠠᠯᠪᠤᠷᠢᠯᠠᠬᠤ᠂ ᠪᠣᠷᠳᠣᠭᠤᠷ ᠰᠢᠲᠠᠭᠠᠬᠤ᠂ ᠬᠤᠭ ᠨᠣᠪᠰᠢ ᠰᠢᠲᠠᠭᠠᠬᠤ ᠵᠢᠴᠢ ᠡᠯ᠎ᠡ ᠲᠥᠷᠥᠯ ᠤᠨ ᠬᠠᠶᠠᠭᠳᠠᠮᠠᠯ ᠡᠯᠳᠡᠪ ᠪᠣᠳᠠᠰ ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠵᠤᠯᠠ ᠠᠰᠠᠭᠠᠬᠤ᠂ ᠬᠦᠵᠢ ᠠᠰᠠᠭᠠᠬᠤ᠂ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠲᠡᠭᠳᠡᠬᠦᠷ ᠳ᠋ᠧᠩᠯᠣ ᠠᠰᠠᠭᠠᠬᠤ᠂ ᠭᠠᠯ ᠢᠶᠠᠷ ᠨᠠᠭᠠᠳᠴᠤ ᠴᠡᠩᠭᠡᠬᠦ ᠶᠢ ᠴᠢᠩᠭ᠎ᠠ ᠴᠠᠭᠠᠵᠠᠯᠠᠨ᠎ᠠ᠃      ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠭᠠᠩᠨᠠᠨ ᠵᠠᠯᠭᠠᠬᠤ ᠠᠵᠢᠯ ᠬᠢᠬᠦ᠂ ᠳᠡᠯᠪᠡᠴᠢᠬᠦ ᠠᠵᠢᠯ ᠬᠢᠬᠦ᠂ ᠪᠤᠰᠤᠳ ᠴᠠᠬᠢᠯᠭᠠᠨ ᠬᠡᠷᠡᠭᠰᠡᠯ᠂ ᠰᠢᠲᠠᠮᠠᠬᠠᠢ ᠬᠡᠢ ᠪᠠᠷ ᠭᠠᠯ ᠨᠣᠴᠣᠭᠠᠬᠤ ᠠᠵᠢᠯ ᠬᠢᠬᠦ ᠶᠢ ᠴᠢᠩᠭ᠎ᠠ ᠴᠠᠭᠠᠵᠠᠯᠠᠨ᠎ᠠ︔      ︵ᠲᠠᠪᠤ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠲᠥᠬᠦᠭᠡᠷᠦᠮᠵᠢ ᠵᠢᠴᠢ ᠤᠬᠠᠭᠤᠯᠵᠤ ᠰᠡᠷᠡᠮᠵᠢᠯᠡᠭᠦᠯᠬᠦ ᠲᠡᠮᠳᠡᠭ ᠢ ᠡᠪᠳᠡᠬᠦ ᠪᠤᠶᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔      ︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠪᠤᠰᠤᠳ ᠠᠯᠢᠪᠠ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠳᠥᠷᠪᠡ᠂ ᠪᠤᠰᠤᠳ ᠱᠠᠭᠠᠷᠳᠠᠯᠭ᠎ᠠ      ︵ᠨᠢᠭᠡ︶ ᠡᠯ᠎ᠡ ᠪᠠᠯᠭᠠᠰᠤ ᠵᠡᠭᠡᠯᠢ᠂ ᠣᠶ ᠰᠢᠭᠤᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠳ ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ ᠪᠠᠨ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭ ᠬᠢᠬᠦ ᠬᠡᠷᠡᠭᠲᠡᠢ᠃      1. ᠭᠠᠯ ᠲᠣᠶᠢᠮᠡᠷ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠢ ᠬᠤᠪᠢᠶᠠᠷᠢᠯᠠᠨ ᠲᠣᠭᠲᠠᠭᠠᠵᠤ᠂ ᠭᠠᠯ ᠤᠨ ᠠᠶᠤᠯ ᠶᠡᠬᠡᠲᠡᠢ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠥᠨᠳᠥᠷ ᠳᠤᠯᠠᠭᠠᠨ᠂ ᠭᠠᠩ ᠬᠠᠭᠤᠷᠠᠢ᠂ ᠶᠡᠭᠡ ᠰᠠᠯᠬᠢ ᠵᠡᠷᠭᠡ ᠭᠠᠯ ᠤᠨ ᠠᠶᠤᠯ ᠶᠡᠬᠡᠲᠡᠢ ᠴᠠᠭ ᠠᠭᠤᠷ ᠲᠣᠬᠢᠶᠠᠯᠳᠤᠪᠠᠯ᠂ ᠠᠭᠤᠯᠠ ᠶᠢ ᠪᠢᠲᠡᠭᠦᠮᠵᠢᠯᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃      2. ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ   ᠤᠨ ᠠᠶᠤᠯ   ᠤᠨ ᠬᠤᠣᠷ ᠬᠥᠨᠥᠭᠡᠯ ᠪᠣᠯᠣᠨ ᠭᠠᠯ ᠲᠣᠶᠢᠮᠡᠷ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠪᠠᠷ ᠭᠤᠣᠯᠳᠠᠯᠭ᠎ᠠ ᠪᠣᠯᠭᠠᠨ ᠤᠬᠠᠭᠤᠯᠬᠤ ᠠᠵᠢᠯ   ᠢ ᠰᠠᠶᠢᠲᠤᠷ ᠬᠢᠬᠦ ᠬᠡᠷᠡᠭᠲᠡᠢ᠃      3. ᠭᠠᠯ ᠲᠣᠶᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠳᠦᠷ ᠲᠤᠲᠤᠮ ᠤᠨ ᠭᠠᠯ ᠲᠣᠶᠢᠮᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠢᠯᠠᠩᠭᠤᠶ᠎ᠠ ︽ᠬᠠᠩᠰᠢ ᠶᠢᠨ ᠡᠳᠦᠷ︾᠂ ︽5 · 1︾᠂ ︽ ᠬᠤᠷᠴᠠ ᠣᠯᠠᠭᠠᠨ ᠴᠡᠴᠡᠭ ᠤᠨ ᠨᠠᠶᠢᠷ︾ ᠵᠡᠷᠭᠡ ᠭᠤᠣᠯᠳᠠᠯᠭ᠎ᠠ ᠲᠠᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ᠂ ᠬᠠᠷᠢᠶ᠎ᠠ ᠭᠠᠵᠠᠷ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠭ᠂ ᠪᠤᠯᠠᠰᠢᠨ ᠭᠠᠵᠠᠷ᠂ ᠰᠢᠭᠤᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠭᠦᠨᠵᠡᠭᠡᠶᠢᠷᠡᠭᠦᠯᠦᠨ ᠪᠥᠬᠦ ᠡᠳᠦᠷ ᠢᠶᠠᠷ ᠲᠣᠭᠤᠷᠢᠨ ᠪᠠᠶᠢᠴᠠᠭᠠᠵᠤ ᠰᠡᠷᠭᠡᠶᠢᠯᠡᠬᠦ ᠬᠡᠷᠡᠭᠲᠡᠢ᠃      4. ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠦᠬᠡᠳ᠂ ᠮᠠᠯ ᠬᠠᠷᠢᠭᠤᠯᠤᠭᠴᠢ᠂ ᠣᠶᠣᠨ ᠮᠡᠳᠡᠷᠡᠯ ᠤᠨ ᠰᠠᠭᠠᠳ ᠲᠠᠢ ᠵᠡᠷᠭᠡ ᠣᠨᠴᠠᠭᠠᠶ ᠬᠥᠮᠥᠰ ᠢ ᠭᠤᠣᠯᠳᠠᠯᠭ᠎ᠠ ᠲᠠᠢ ᠪᠠᠷ ᠬᠠᠮᠢᠶᠠᠷᠤᠨ ᠡᠵᠡᠮᠳᠡᠬᠦ ᠬᠡᠷᠡᠭᠲᠡᠢ᠃      5. ᠭᠠᠳᠠᠨ᠎ᠠ ᠠᠴᠠ ᠢᠷᠡᠭᠰᠡᠨ ᠬᠥᠮᠥᠰ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ ᠬᠥᠮᠥᠰ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠥᠰ ᠤᠨ ᠭᠠᠯ ᠲᠣᠶᠢᠮᠡᠷ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠭᠡᠷᠡᠭᠳᠡᠢ᠃      ︵ᠬᠤᠶᠠᠷ︶ ᠪᠥᠬᠦ ᠬᠤᠲᠠ ᠶᠢᠨ ᠡᠯ᠎ᠡ ᠱᠠᠲᠤᠨ ᠤ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠵᠤ᠂ ᠬᠠᠷᠢᠯᠴᠠᠨ ᠬᠢᠨᠠᠯᠲᠠ ᠲᠠᠯᠪᠢᠵᠤ᠂ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃      ︵ᠭᠤᠷᠪᠠ︶ ᠶᠠᠮᠠᠷᠪᠠ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠲᠣᠭᠲᠠᠭᠠᠯ ᠠᠴᠠ ᠵᠥᠷᠢᠴᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠪᠣᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠭᠡᠷᠡᠭ ᠮᠡᠳᠡᠭᠦᠯᠬᠦ ᠤᠲᠠᠰᠤ ᠶᠢ ᠤᠲᠠᠰᠤᠳᠠᠬᠤ ᠬᠡᠷᠡᠭᠲᠡᠢ᠃      ᠳᠣᠲᠣᠭᠠᠳᠤ ᠶᠢ ᠬᠠᠮᠠᠭᠠᠯᠠᠬᠤ ᠭᠡᠷᠡᠭ ᠳᠤ ᠮᠡᠳᠡᠭᠦᠯᠬᠦ ᠤᠲᠠᠰᠤ᠄ 110︔ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠮᠠᠳᠡᠬᠦᠯᠬᠦ ᠤᠲᠠᠰᠤ᠄ 12119᠃            2024 ᠣᠨ ᠤ 3 ᠰᠠᠷ᠎ᠠ ᠶᠢᠨ 14   ᠤ ᠡᠳᠣᠷ                          ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠨ ᠭᠡᠷ                           2024 ᠣᠨ ᠤ 4 ᠰᠠᠷ᠎ᠠ ᠶᠢᠨ 8 ᠤ ᠡᠳᠦᠷ  ᠲᠠᠷᠣᠮᠠᠯᠯᠡᠨ ᠲᠠᠷᠬᠠᠭᠠᠪᠡ
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号