ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2024 ᠣᠨ ᠤ 1 ᠳ᠋ᠣᠭᠡᠷ ᠬᠤᠭᠤᠴᠠᠭ᠎ᠠ ︵ᠶᠠᠷᠣᠩᠭᠡᠢ 13 ᠳ᠋ᠣᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/4/23
     ︽ᠷᠠᠰᠢᠶᠠᠨ ᠬᠤᠲᠠ ᠶᠢᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠷᠡᠰᠢᠶᠠᠨ ᠵᠠᠰᠠᠭ ᠲᠠᠷᠬᠠᠭᠠᠬᠤ 〔2024〕 13 ᠳ᠋ᠤᠭᠠᠷ ᠲᠣᠭᠠᠲᠤ      ᠡᠯ᠎ᠡ ᠪᠠᠯᠭᠠᠰᠤ ᠵᠡᠭᠡᠯᠢ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠦ᠋ ᠴᠠ ᠭᠧᠦ ᠣᠶ ᠰᠢᠭᠤᠢ ᠶᠢᠨ ᠲᠣᠪᠴᠢᠶ᠎ᠠ᠂ ᠪᠠᠢ ᠯᠠᠩ ᠣᠶ ᠰᠢᠭᠤᠢ ᠶᠢᠨ ᠲᠣᠪᠴᠢᠶ᠎ᠠ᠂ ᠷᠠᠰᠢᠶᠠᠨ ᠤ  ᠰᠧᠨ ᠭᠥᠩ ᠺᠣᠮᠫᠠᠨᠢ ᠳᠤ᠄      ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ ᠡᠳᠦᠭᠡ ︽ᠷᠠᠰᠢᠶᠠᠨ ᠬᠤᠲᠠ ᠶᠢᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠬᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃      ᠳᠠᠭᠠᠯᠳᠤᠭᠤᠯᠤᠯ᠄ ᠷᠠᠰᠢᠶᠠᠨ ᠬᠤᠲᠠ ᠶᠢᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠬᠡᠷᠡᠭᠵᠢᠭᠦᠯᠬᠦ ᠲᠥᠰᠥᠯ                         2024 ᠣᠨ ᠤ 3 ᠰᠠᠷ᠎ᠠ ᠶᠢᠨ 22 ᠤᠨ ᠡᠳᠣᠷ      ※ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 11 ︱ 12 ᠳ᠋ᠤᠭᠠᠷ ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠶᠢ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ      ᠷᠡᠰᠢᠶᠠᠨ ᠵᠠᠰᠠᠭ ᠠᠯᠪᠠᠨ ᠲᠠᠷᠬᠠᠭᠠᠭᠰᠠᠨ 〔2024〕 2 ᠳ᠋ᠤᠭᠠᠷ ᠲᠣᠭᠠᠲᠤ      ᠡᠯ᠎ᠡ ᠪᠠᠯᠭᠠᠰᠤ ᠵᠡᠭᠡᠯᠢ᠂ ᠡᠯ᠎ᠡ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ ᠳᠤ      ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ﹀ ᠦᠨᠡᠯᠡᠨ ᠶᠠᠷᠢᠯᠴᠠᠬᠤ ᠲᠣᠭᠲᠠᠴᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ 11 ︱ 12 ᠳ᠋ᠤᠭᠠᠷ ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠦᠨᠡᠯᠡᠨ ᠶᠠᠷᠢᠯᠴᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠨᠡᠷᠡᠰ ᠤᠨ ᠵᠢᠭᠰᠠᠭᠠᠯᠲᠠ ᠶᠢᠨ ᠡᠮᠦᠨ᠎ᠡ ᠪᠠᠶᠢᠭ᠎ᠠ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ      ᠵᠡᠭᠡᠯᠢ ᠭᠤᠳᠤᠮᠵᠢ ᠶᠢᠨ ᠳᠤᠭᠤᠶᠢᠯᠠᠩ᠄ ᠮᠢᠩ ᠱᠦᠢ ᠾᠧ ᠪᠠᠯᠭᠠᠰᠤ᠂ ᠸᠧᠨᠴᠢᠣᠸᠠᠨ ᠵᠡᠭᠡᠯᠢ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ᠄ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      ᠬᠤᠶᠠᠷ᠂ ᠨᠡᠷᠡᠰ ᠤᠨ ᠵᠢᠭᠰᠠᠭᠠᠯᠲᠠ ᠶᠢᠨ ᠠᠷᠤ ᠳᠤ ᠵᠢᠭᠰᠠᠭᠠᠭᠳᠠᠭᠰᠠᠨ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ      ᠪᠠᠯᠭᠠᠰᠣ ᠵᠡᠭᠡᠯᠢ ᠶᠢᠨ ᠳᠤᠭᠤᠶᠢᠯᠠᠩ᠄ ᠰᠢᠨ ᠴᠧᠩ ᠵᠡᠭᠡᠯᠢ᠂ ᠢᠷᠪᠢᠰ ᠵᠡᠭᠡᠯᠢ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠶᠠᠷᠢᠯᠴᠠᠭᠠᠨ ᠤ ᠲᠠᠪᠴᠠᠩ ᠤᠨ ᠲᠥᠪ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                  ᠡᠬᠦᠨ᠎ᠠ ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠦᠨᠡᠯᠡᠨ ᠶᠠᠷᠢᠯᠴᠠᠬᠤ ᠲᠣᠭᠲᠠᠴᠠ ᠶᠢᠨ 11 ︱ 12 ᠳ᠋ᠤᠭᠠᠷ ᠰᠠᠷ᠎ᠠ ᠶᠢᠨ ᠬᠤᠪᠢ ᠲᠣᠭᠲᠠᠭᠠᠬᠤ ᠲᠣᠬᠠᠢ ᠬᠤᠷᠢᠶᠠᠩᠭᠤᠢ ᠬᠦᠰᠦᠨᠦᠭᠲᠦ                      2024 ᠣᠨ ᠤ 1 ᠰᠠᠷ᠎ᠠ ᠶᠢᠨ 22   ᠤᠨ ᠡᠳᠣᠷ      ※ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕      ᠷᠠᠰᠢᠶᠠᠨ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠤᠨ ᠲᠥᠷᠥᠯ ᠵᠦᠢᠯ ᠢ ᠡᠯᠰᠡᠬᠦ ᠲᠤᠬᠠᠢ ᠮᠡᠳᠡᠭᠳᠡᠯ      ᠷᠡᠰᠢᠶᠠᠨ ᠵᠠᠰᠠᠭ ᠠᠯᠪᠠᠨ ᠲᠠᠷᠬᠠᠭᠠᠭᠰᠠᠨ 〔2024〕 3 ᠳ᠋ᠤᠭᠠᠷ ᠲᠣᠭᠠᠲᠤ      ᠡᠯ᠎ᠡ ᠪᠠᠯᠭᠠᠰᠤ ᠵᠡᠭᠡᠯᠢ᠂ ᠡᠯ᠎ᠡ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ᠄      ︽ᠷᠠᠰᠢᠶᠠᠨ ᠬᠤᠲᠠ ᠶᠢᠨ ᠠᠷᠠᠳ ᠤᠨ ᠠᠮᠢᠳᠤᠷᠠᠯ ᠤᠨ ︿ᠪᠠᠭ᠎ᠠ ᠪᠣᠳᠠᠲᠣ ᠶᠠᠪᠤᠳᠠᠯ﹀ ᠤᠨ ᠬᠡᠷᠡᠭᠵᠢᠭᠦᠯᠬᠦ ᠲᠥᠰᠥᠯ︾ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠷᠭᠡᠨ ᠣᠯᠠᠨ ᠠᠷᠠᠳ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ ᠢᠯᠡᠷᠡᠭᠦᠯᠵᠦ᠂ ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠤᠨ ᠲᠥᠷᠥᠯ ᠵᠦᠢᠯ ᠤᠨ ᠠᠷᠠᠳ ᠤᠨ ᠰᠠᠨᠠᠭ᠎ᠠ ᠶᠢ ᠨᠠᠩ ᠢᠯᠡᠭᠦᠦ ᠢᠯᠡᠷᠡᠭᠦᠯᠣᠨ᠂ ᠠᠷᠠᠳ ᠤᠨ ᠪᠠᠶᠢᠳᠠᠯ ᠢ ᠨᠠᠩ ᠢᠯᠡᠭᠦᠦ ᠲᠤᠰᠬᠠᠵᠤ᠂ ᠠᠷᠠᠳ ᠤᠨ ᠬᠡᠷᠡᠭᠴᠡᠭᠡ ᠳᠤ ᠣᠶᠢᠷᠠᠳᠣᠭᠤᠯᠬᠤ ᠶᠢ ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠬᠡᠪᠴᠢᠶᠡᠨ ᠳᠤ 2024 ᠣᠨ ᠤ ᠨᠢᠭᠡᠳᠦᠭᠡᠷ ᠤᠯᠠᠷᠢᠯ ᠤᠨ ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠤᠨ ᠲᠥᠷᠥᠯ ᠵᠦᠢᠯ ᠢ ᠥᠷᠭᠡᠨ ᠢᠶᠠᠷ ᠴᠤᠭᠯᠠᠭᠤᠯᠬᠤ ᠪᠠᠷ ᠰᠤᠳᠤᠯᠤᠨ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ ᠵᠦᠢᠯ   ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠡᠯᠰᠡᠬᠦ ᠴᠠᠭ      2024 ᠣᠨ ᠤ 1 ᠰᠠᠷ᠎ᠠ ᠶᠢᠨ 30 ᠤ ᠡᠳᠦᠷ ᠠᠴᠠ 2024 ᠣᠨ ᠤ 2 ᠰᠠᠷ᠎ᠠ ᠶᠢᠨ 8 ᠤ ᠡᠳᠣᠷ ᠪᠣᠯᠳᠡᠯ᠎ᠠ ᠶᠠᠪᠣᠬᠳᠡᠨ᠎ᠠ᠃       ᠬᠤᠶᠠᠷ᠂ ᠡᠯᠰᠡᠬᠦ ᠵᠠᠷᠴᠢᠮ      ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠤᠨ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ︽ᠳᠤᠲᠠᠭᠤᠳᠠᠯ ᠢ ᠨᠥᠬᠦᠪᠦᠷᠢᠯᠡᠬᠦ︾ ᠵᠦᠢᠯᠡᠰ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠬᠤᠪᠢ ᠬᠥᠮᠥᠨ ᠤ ᠡᠷᠬᠡ ᠠᠰᠢᠭ ᠤᠨ ᠭᠤᠮᠣᠳᠠᠯ ᠱᠠᠭᠠᠷᠳᠠᠯᠭ᠎ᠠ ᠶᠢᠨ ᠵᠦᠢᠯᠡᠰ ᠯᠦᠭᠡ ᠶᠢᠨ ᠵᠥᠷᠢᠶᠡᠲᠦ ᠴᠢᠨᠠᠷ ᠪᠠ ᠬᠠᠷᠢᠯᠴᠠᠨ ᠨᠥᠬᠦᠪᠦᠷᠢᠯᠡᠬᠦ ᠴᠢᠨᠠᠷ ᠢ ᠭᠦᠢᠴᠡᠳ ᠪᠣᠳᠣᠯᠬᠢᠯᠠᠨ᠂ ᠳᠣᠣᠷᠠᠬᠢ ᠵᠠᠷᠴᠢᠮ ᠤᠳ ᠢ ᠭᠤᠣᠯᠳᠠᠯᠭ᠎ᠠ ᠲᠠᠢ ᠡᠵᠡᠮᠳᠡᠬᠦ ᠭᠡᠷᠡᠭᠳᠡᠢ᠄      ︵ᠨᠢᠭᠡ︶ ᠶᠡᠭᠡ ᠪᠠᠷ ᠵᠠᠰᠠᠵᠤ ᠶᠡᠭᠡ ᠪᠠᠷ ᠪᠠᠶᠢᠭᠤᠯᠬᠤ᠂ ᠲᠠᠩ ᠴᠣᠭᠴᠠ ᠶᠢᠨ ᠪᠡᠯᠡ ᠣᠷᠣᠭᠤᠯᠤᠯᠲᠠ ᠨᠢ 3 ᠲᠦᠮᠡᠨ ᠲᠥᠭᠦᠷᠢᠭ ᠢ ᠳᠠᠪᠠᠭᠰᠠᠨ ᠵᠦᠢᠯᠡᠰ ᠢ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠳᠤ ᠣᠷᠣᠭᠤᠯᠬᠤ ᠦᠭᠡᠢ  ᠃      ︵ᠬᠤᠶᠠᠷ︶ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ ᠤ ᠳᠡᠷᠭᠡᠳᠡᠬᠢ ︽ᠪᠠᠭ᠎ᠠ᠂ ᠪᠠᠴᠢᠮ᠂ ᠬᠦᠴᠢᠷ︾ ᠶᠠᠪᠤᠳᠠᠯ ᠢ ᠲᠦᠷᠭᠡᠨ ᠰᠢᠢᠳᠪᠦᠷᠢᠯᠡᠵᠦ᠂ ᠲᠦᠷᠭᠡᠨ ᠲᠤᠰᠢᠶᠠᠬᠤ᠂ ᠲᠦᠷᠭᠡᠨ ᠰᠢᠢᠳᠪᠦᠷᠢᠯᠡᠬᠦ᠂ ᠲᠦᠷᠭᠡᠨ ᠳᠠᠭᠤᠰᠬᠠᠬᠤ ᠶᠢ ᠪᠡᠶᠡᠯᠡᠭᠦᠯᠬᠦ ᠭᠡᠷᠡᠭᠳᠡᠢ᠃      ᠭᠤᠷᠪᠠ᠂ ᠡᠯᠰᠡᠬᠦ ᠲᠥᠷᠥᠯ ᠵᠦᠢᠯ ᠤᠨ ᠠᠭᠤᠯᠭ᠎ᠠ      ︵ᠨᠢᠭᠡ︶ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ      ᠤᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠡᠭᠡᠭᠰᠢᠯᠡᠬᠦᠯᠣᠨ ᠰᠠᠶᠢᠵᠢᠷᠠᠭᠤᠯᠬᠤ ᠳᠤ ᠬᠦᠮᠣᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠣᠯ ᠵᠣᠶᠢᠯ ︔      ︵ᠬᠤᠶᠠᠷ︶ ᠰᠣᠶᠣᠯ ᠴᠡᠩᠭᠡᠬᠦᠨ ᠤ ᠲᠥᠷᠥᠯ ᠵᠦᠢᠯ      ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠵᠤᠭ᠎ᠠ ᠴᠡᠩᠭᠡᠯ ᠤᠨ ᠠᠮᠢᠳᠤᠷᠠᠯ  ᠢ ᠪᠠᠶᠠᠯᠢᠬᠵᠢᠭᠤᠯᠬᠤ ᠲᠦᠷᠣᠯ ᠵᠣᠶᠢᠯ      ︵ᠭᠤᠷᠪᠠ︶ ᠨᠡᠶᠢᠲᠡ ᠶᠢᠨ ᠠᠰᠠᠷᠠᠮᠵᠢ ᠶᠢᠨ ᠬᠠᠯᠠᠮᠵᠢᠯᠠᠨ ᠬᠠᠶᠢᠷᠠᠯᠠᠬᠤ ᠲᠥᠷᠥᠯ ᠵᠦᠢᠯ      ᠣᠯᠠᠨ ᠲᠦᠮᠡᠨ ᠤ ᠥᠪᠡᠰᠦᠪᠡᠨ ᠲᠤᠰᠠᠯᠠᠵᠤ ᠬᠠᠷᠢᠯᠴᠠᠨ ᠲᠤᠰᠠᠯᠠᠯᠴᠠᠬᠤ ᠶᠢ ᠴᠢᠩᠭᠠᠳᠬᠠᠵᠤ᠂ ᠣᠯᠠᠨ ᠲᠦᠮᠡᠨ ᠤ ᠶᠡᠷᠦᠩᠬᠡᠢ ᠬᠡᠪ ᠪᠣᠯᠪᠠᠰᠤᠷᠠᠯ ᠢ ᠲᠡᠭᠡᠭᠰᠢᠯᠠᠬᠦᠯᠬᠦ ᠲᠦᠷᠣᠯ ᠵᠣᠶᠢᠯ︔      ︵ᠳᠥᠷᠪᠡ︶ ᠰᠠᠭᠤᠷᠢ ᠲᠦᠬᠦᠭᠡᠷᠣᠮᠵᠢ ᠶᠢᠨ ᠲᠥᠷᠥᠯ ᠵᠦᠢᠯ      ᠦᠨᠳᠦᠰᠦᠨ ᠱᠠᠲᠤᠨ ᠤ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢ ᠰᠠᠶᠢᠵᠢᠷᠠᠭᠤᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠭᠦᠯᠬᠦ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠲᠦᠷᠣᠯ ᠵᠣᠶᠢᠯ︔      ︵ᠲᠠᠪᠤ︶ ᠪᠤᠰᠤᠳ ᠲᠥᠷᠥᠯ ᠵᠦᠢᠯ      ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠤᠨ ᠵᠠᠷᠤᠳᠠᠯ ᠤᠨ ᠵᠠᠷᠤᠯᠭ᠎ᠠ ᠶᠢᠨ ᠵᠠᠷᠴᠢᠮ ᠳᠤ ᠨᠡᠶᠢᠴᠡᠬᠦ ᠪᠤᠰᠤᠳ ᠵᠦᠢᠯ ᠤᠳ᠃ ᠵᠠᠷᠴᠢᠮ ᠳᠡᠭᠡᠷ᠎ᠡ ᠪᠠᠨ ᠬᠤᠪᠢ ᠣᠷᠣᠭᠤᠯᠵᠤ ᠬᠤᠷᠰᠢᠭᠰᠠᠨ ᠺᠣᠮᠫᠠᠨᠢ᠂ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠵᠡᠷᠭᠡ ᠪᠤᠰᠤᠳ ᠨᠡᠶᠢᠭᠡᠮ ᠤᠨ ᠭᠤᠣᠯ ᠴᠣᠭᠴᠠ ᠶᠢᠨ ᠡᠭᠦᠷᠭᠡᠯᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠡᠬᠢ ᠲᠥᠷᠥᠯ ᠵᠦᠢᠯ ᠢ ᠪᠠᠭᠲᠠᠭᠠᠬᠤ ᠦᠭᠡᠢ᠃ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠵᠢᠴᠢ ᠪᠤᠰᠤᠳ ᠭᠤᠣᠯ ᠴᠣᠭᠴᠠ ᠶᠢᠨ ᠶᠠᠭ ᠬᠡᠷᠡᠭᠵᠢᠭᠦᠯᠵᠦ ᠪᠠᠶᠢᠭ᠎ᠠ ᠪᠤᠶᠤ ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ︵ᠭᠤᠣᠯᠳᠠᠭᠤ ᠪᠤᠰᠤᠳ ᠡᠳ᠋ ᠤᠨ ᠵᠠᠰᠠᠭ ᠤᠨ ᠪᠡᠯᠡ ᠮᠥᠩᠭᠦ ᠶᠢᠨ ᠲᠤᠰᠠᠯᠠᠮᠵᠢ ᠶᠢ ᠣᠯᠵᠤ ᠥᠷᠨᠢᠭᠦᠯᠦᠭᠰᠡᠨ ᠲᠥᠷᠥᠯ ᠵᠦᠢᠯ ᠢ ᠵᠢᠭᠠᠵᠤ ᠪᠣᠶ︶ ᠯᠤᠭ᠎ᠠ ᠳᠠᠪᠬᠤᠷᠳᠠᠭᠤᠯᠬᠤ ᠦᠭᠡᠢ᠃      ᠳᠥᠷᠪᠡ᠂ ᠡᠯᠰᠡᠬᠦ ᠠᠷᠭ᠎ᠠ ᠮᠠᠶ᠋ᠢᠭ      ᠭᠤᠣᠯᠳᠠᠭᠤ ᠢᠮᠧᠯ ᠤᠨ ᠬᠡᠯᠪᠡᠷᠢ ᠪᠠᠷ ᠳᠤᠷᠠᠳᠤᠨ ᠭᠠᠷᠭᠠᠨ᠎ᠠ᠃ ᠳᠤᠷᠠᠳᠤᠭᠰᠠᠨ ᠵᠦᠢᠯ ᠤᠳ ᠨᠢ ᠪᠣᠳᠠᠲᠠᠢ ᠬᠠᠷᠠᠯᠲᠠ ᠪᠠ ᠠᠭᠤᠯᠭ᠎ᠠ ᠲᠠᠢ ᠪᠠᠶᠢᠵᠤ᠂ ᠲᠣᠪᠴᠢ ᠲᠣᠳᠣᠷᠬᠠᠢ ᠥᠭᠦᠯᠡᠨ ᠲᠣᠭᠠᠴᠢᠭᠰᠠᠨ ᠪᠠᠶᠢᠬᠤ ᠬᠡᠷᠡᠭᠲᠡᠢ᠃ ᠬᠠᠷᠢᠯᠴᠠᠬᠤ ᠪᠠ ᠤᠯᠠᠮ ᠨᠢᠭᠡ ᠠᠯᠬᠤᠮ ᠰᠠᠨᠠᠯ ᠬᠤᠷᠢᠶᠠᠬᠤ ᠳᠤ ᠲᠦᠭᠦᠮ ᠪᠣᠯᠭᠠᠬᠤ ᠶᠢᠨ ᠲᠥᠯᠥᠭᠡ᠂ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠴᠢᠬᠤᠯᠠᠳᠡᠢ᠃ ᠢᠮᠧᠯ ᠤᠨ ᠬᠠᠶᠢᠷᠴᠠᠭ aeszfdcs@163comᠢᠮᠧᠯ ᠤᠨ ᠭᠤᠣᠯ ᠰᠡᠳᠦᠪ ᠲᠤ ︽ᠨᠢᠭᠡᠴᠢ + 2024 ᠣᠨ ᠤ ᠨᠢᠭᠡᠳᠦᠭᠡᠷ ᠤᠯᠠᠷᠢᠯ ᠤᠨ ᠠᠷᠠᠳ ᠤᠨ ᠠᠮᠢᠳᠤᠷᠠᠯ ᠤᠨ ︿ ᠪᠠᠭ᠎ᠠ ᠪᠣᠳᠠᠲᠤ ᠶᠠᠪᠤᠳᠠᠯ﹀ ᠤᠨ ᠲᠥᠷᠥᠯ ᠵᠦᠢᠯ ᠢ ᠴᠤᠭᠯᠠᠭᠤᠯᠬᠤ︾ ᠲᠤᠬᠠᠢ ᠲᠣᠳᠣᠷᠬᠠᠢ ᠪᠢᠴᠢᠬᠦ ᠭᠡᠷᠡᠭᠳᠡᠢ᠃                     2024 ᠣᠨ ᠤ 1 ᠰᠠᠷ᠎ᠠ ᠶᠢᠨ 30 ᠤ ᠡᠳᠣᠷ      2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ      ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ᠂ ᠪᠥᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ︽ᠣᠶ ᠰᠢᠭᠤᠢ ᠶᠢᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠳᠦᠷᠢᠮ︾ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠭᠠᠯ ᠲᠣᠶᠢᠮᠡᠷ ᠢ ᠰᠡᠷᠭᠡᠶᠢᠯᠡᠬᠦ ᠬᠤᠭᠤᠴᠠᠭ᠎ᠠ      2024 ᠣᠨ ᠤ 3 ᠰᠠᠷ᠎ᠠ ᠶᠢᠨ 15 ︱ 6 ᠰᠠᠷ᠎ᠠ ᠶᠢᠨ 15 ᠤ ᠡᠳᠦᠷ︔ ᠡᠭᠦᠨ ᠳᠤ ᠬᠠᠪᠤᠷ ᠤᠨ ᠤᠯᠠᠷᠢᠯ ᠤᠨ ᠭᠠᠯ ᠲᠣᠶᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠨᠢ 4 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠳᠡᠯ᠎ᠠ ᠶᠠᠪᠣᠬᠳᠡᠨ᠎ᠠ᠃      ᠬᠤᠶᠠᠷ᠂ ᠭᠤᠣᠯᠳᠠᠯᠭ᠎ᠠ ᠲᠠᠢ ᠰᠡᠷᠭᠡᠶᠢᠯᠡᠬᠦ ᠣᠷᠣᠨ ᠪᠦᠰᠡ      ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠪᠦᠰᠡ ᠳᠤ ᠭᠤᠣᠯᠳᠠᠭᠤ᠄ ᠷᠠᠰᠢᠶᠠᠨ ᠤ ᠰᠧᠨ ᠭᠥᠩ ᠬᠢᠵᠠᠭᠠᠷᠲᠤ ᠺᠣᠮᠫᠠᠨᠢ᠂ ᠦ᠋ ᠴᠠ ᠭᠧᠦ ᠣᠶ ᠰᠢᠭᠤᠢ ᠶᠢᠨ ᠲᠣᠪᠴᠢᠶ᠎ᠠ᠂ ᠪᠠᠢ ᠯᠠᠩ ᠣᠶ ᠰᠢᠭᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ 5A ᠲᠠᠰ ᠤᠨ ᠣᠶ ᠰᠢᠭᠤᠢ ᠶᠢᠨ ᠴᠡᠴᠡᠷᠯᠢᠭ᠂ ᠷᠠᠰᠢᠶᠠᠨ ᠪᠣᠭᠤᠮᠲᠠ ᠶᠢᠨ ᠦᠵᠡᠮᠵᠢ ᠶᠢᠨ ᠣᠷᠣᠨ᠂ ᠳᠥᠷᠪᠡᠨ ᠪᠠᠯᠭᠠᠰᠤ ᠳᠥᠷᠪᠡᠨ ᠵᠡᠭᠡᠯᠢ ᠶᠢᠨ ᠬᠠᠷᠢᠶ᠎ᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠣᠷᠣᠨ᠂ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ᠂ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ᠂ ᠬᠠᠳᠤᠯᠠᠩ ᠪᠡᠯᠴᠢᠭᠡᠷ ᠵᠢᠴᠢ ᠣᠶ ᠰᠢᠭᠤᠢ ᠡᠪᠡᠰᠦ ᠪᠡᠯᠴᠢᠭᠡᠷ ᠲᠤ ᠬᠤᠯᠪᠣᠭᠳᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠪᠠᠭᠲᠠᠨ᠎ᠠ᠃      ᠭᠤᠷᠪᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ      ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠬᠤᠭᠤᠴᠠᠭᠠᠨ ᠳᠤ ᠪᠠ ᠭᠠᠯ ᠰᠡᠷᠭᠡᠶᠢᠯᠡᠬᠦ ᠣᠷᠣᠨ ᠳᠤ᠂ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠦᠶᠯᠡ ᠠᠵᠢᠯᠯᠠᠭ᠎ᠠ ᠶᠢ ᠴᠠᠭᠠᠵᠠᠯᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠥᠨ ᠳᠣᠣᠷᠠᠬᠢ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠄      ︵ᠨᠢᠭᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠲᠠᠮᠠᠬᠢ ᠣᠣᠭᠤᠬᠤ᠂ ᠬᠡᠭᠡᠷ᠎ᠡ ᠬᠤᠭᠤᠯᠠᠯᠠᠬᠤ᠂ ᠳᠤᠯᠠᠭᠠᠯᠠᠬᠤ᠂ ᠠᠩ ᠠᠩᠨᠠᠬᠤ᠂ ᠭᠠᠯ ᠲᠠᠯᠪᠢᠵᠤ ᠠᠷᠢᠶᠠᠲᠠᠨ ᠢ ᠦᠯᠳᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠠᠲᠠᠷ ᠬᠠᠭᠠᠯᠪᠤᠷᠢᠯᠠᠬᠤ᠂ ᠪᠣᠷᠳᠣᠭᠤᠷ ᠰᠢᠲᠠᠭᠠᠬᠤ᠂ ᠬᠤᠭ ᠨᠣᠪᠰᠢ ᠰᠢᠲᠠᠭᠠᠬᠤ ᠵᠢᠴᠢ ᠡᠯ᠎ᠡ ᠲᠥᠷᠥᠯ ᠤᠨ ᠬᠠᠶᠠᠭᠳᠠᠮᠠᠯ ᠡᠯᠳᠡᠪ ᠪᠣᠳᠠᠰ ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠵᠤᠯᠠ ᠠᠰᠠᠭᠠᠬᠤ᠂ ᠬᠦᠵᠢ ᠠᠰᠠᠭᠠᠬᠤ᠂ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠲᠡᠭᠳᠡᠬᠦᠷ ᠳ᠋ᠧᠩᠯᠣ ᠠᠰᠠᠭᠠᠬᠤ᠂ ᠭᠠᠯ ᠢᠶᠠᠷ ᠨᠠᠭᠠᠳᠴᠤ ᠴᠡᠩᠭᠡᠬᠦ ᠶᠢ ᠴᠢᠩᠭ᠎ᠠ ᠴᠠᠭᠠᠵᠠᠯᠠᠨ᠎ᠠ᠃      ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠣᠷᠣᠨ ᠳᠤ ᠭᠠᠩᠨᠠᠨ ᠵᠠᠯᠭᠠᠬᠤ ᠠᠵᠢᠯ ᠬᠢᠬᠦ᠂ ᠳᠡᠯᠪᠡᠴᠢᠬᠦ ᠠᠵᠢᠯ ᠬᠢᠬᠦ᠂ ᠪᠤᠰᠤᠳ ᠴᠠᠬᠢᠯᠭᠠᠨ ᠬᠡᠷᠡᠭᠰᠡᠯ᠂ ᠰᠢᠲᠠᠮᠠᠬᠠᠢ ᠬᠡᠢ ᠪᠠᠷ ᠭᠠᠯ ᠨᠣᠴᠣᠭᠠᠬᠤ ᠠᠵᠢᠯ ᠬᠢᠬᠦ ᠶᠢ ᠴᠢᠩᠭ᠎ᠠ ᠴᠠᠭᠠᠵᠠᠯᠠᠨ᠎ᠠ︔      ︵ᠲᠠᠪᠤ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠲᠥᠬᠦᠭᠡᠷᠦᠮᠵᠢ ᠵᠢᠴᠢ ᠤᠬᠠᠭᠤᠯᠵᠤ ᠰᠡᠷᠡᠮᠵᠢᠯᠡᠭᠦᠯᠬᠦ ᠲᠡᠮᠳᠡᠭ ᠢ ᠡᠪᠳᠡᠬᠦ ᠪᠤᠶᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔      ︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠪᠤᠰᠤᠳ ᠠᠯᠢᠪᠠ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠳᠥᠷᠪᠡ᠂ ᠪᠤᠰᠤᠳ ᠱᠠᠭᠠᠷᠳᠠᠯᠭ᠎ᠠ      ︵ᠨᠢᠭᠡ︶ ᠡᠯ᠎ᠡ ᠪᠠᠯᠭᠠᠰᠤ ᠵᠡᠭᠡᠯᠢ᠂ ᠣᠶ ᠰᠢᠭᠤᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠳ ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ ᠪᠠᠨ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭ ᠬᠢᠬᠦ ᠬᠡᠷᠡᠭᠲᠡᠢ᠃      1. ᠭᠠᠯ ᠲᠣᠶᠢᠮᠡᠷ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠢ ᠬᠤᠪᠢᠶᠠᠷᠢᠯᠠᠨ ᠲᠣᠭᠲᠠᠭᠠᠵᠤ᠂ ᠭᠠᠯ ᠤᠨ ᠠᠶᠤᠯ ᠶᠡᠬᠡᠲᠡᠢ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠥᠨᠳᠥᠷ ᠳᠤᠯᠠᠭᠠᠨ᠂ ᠭᠠᠩ ᠬᠠᠭᠤᠷᠠᠢ᠂ ᠶᠡᠭᠡ ᠰᠠᠯᠬᠢ ᠵᠡᠷᠭᠡ ᠭᠠᠯ ᠤᠨ ᠠᠶᠤᠯ ᠶᠡᠬᠡᠲᠡᠢ ᠴᠠᠭ ᠠᠭᠤᠷ ᠲᠣᠬᠢᠶᠠᠯᠳᠤᠪᠠᠯ᠂ ᠠᠭᠤᠯᠠ ᠶᠢ ᠪᠢᠲᠡᠭᠦᠮᠵᠢᠯᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃      2. ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ   ᠤᠨ ᠠᠶᠤᠯ   ᠤᠨ ᠬᠤᠣᠷ ᠬᠥᠨᠥᠭᠡᠯ ᠪᠣᠯᠣᠨ ᠭᠠᠯ ᠲᠣᠶᠢᠮᠡᠷ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠪᠠᠷ ᠭᠤᠣᠯᠳᠠᠯᠭ᠎ᠠ ᠪᠣᠯᠭᠠᠨ ᠤᠬᠠᠭᠤᠯᠬᠤ ᠠᠵᠢᠯ   ᠢ ᠰᠠᠶᠢᠲᠤᠷ ᠬᠢᠬᠦ ᠬᠡᠷᠡᠭᠲᠡᠢ᠃      3. ᠭᠠᠯ ᠲᠣᠶᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠳᠦᠷ ᠲᠤᠲᠤᠮ ᠤᠨ ᠭᠠᠯ ᠲᠣᠶᠢᠮᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠢᠯᠠᠩᠭᠤᠶ᠎ᠠ ︽ᠬᠠᠩᠰᠢ ᠶᠢᠨ ᠡᠳᠦᠷ︾᠂ ︽5 · 1︾᠂ ︽ ᠬᠤᠷᠴᠠ ᠣᠯᠠᠭᠠᠨ ᠴᠡᠴᠡᠭ ᠤᠨ ᠨᠠᠶᠢᠷ︾ ᠵᠡᠷᠭᠡ ᠭᠤᠣᠯᠳᠠᠯᠭ᠎ᠠ ᠲᠠᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ᠂ ᠬᠠᠷᠢᠶ᠎ᠠ ᠭᠠᠵᠠᠷ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠭ᠂ ᠪᠤᠯᠠᠰᠢᠨ ᠭᠠᠵᠠᠷ᠂ ᠰᠢᠭᠤᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠭᠦᠨᠵᠡᠭᠡᠶᠢᠷᠡᠭᠦᠯᠦᠨ ᠪᠥᠬᠦ ᠡᠳᠦᠷ ᠢᠶᠠᠷ ᠲᠣᠭᠤᠷᠢᠨ ᠪᠠᠶᠢᠴᠠᠭᠠᠵᠤ ᠰᠡᠷᠭᠡᠶᠢᠯᠡᠬᠦ ᠬᠡᠷᠡᠭᠲᠡᠢ᠃      4. ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠦᠬᠡᠳ᠂ ᠮᠠᠯ ᠬᠠᠷᠢᠭᠤᠯᠤᠭᠴᠢ᠂ ᠣᠶᠣᠨ ᠮᠡᠳᠡᠷᠡᠯ ᠤᠨ ᠰᠠᠭᠠᠳ ᠲᠠᠢ ᠵᠡᠷᠭᠡ ᠣᠨᠴᠠᠭᠠᠶ ᠬᠥᠮᠥᠰ ᠢ ᠭᠤᠣᠯᠳᠠᠯᠭ᠎ᠠ ᠲᠠᠢ ᠪᠠᠷ ᠬᠠᠮᠢᠶᠠᠷᠤᠨ ᠡᠵᠡᠮᠳᠡᠬᠦ ᠬᠡᠷᠡᠭᠲᠡᠢ᠃      5. ᠭᠠᠳᠠᠨ᠎ᠠ ᠠᠴᠠ ᠢᠷᠡᠭᠰᠡᠨ ᠬᠥᠮᠥᠰ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ ᠬᠥᠮᠥᠰ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠥᠰ ᠤᠨ ᠭᠠᠯ ᠲᠣᠶᠢᠮᠡᠷ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠭᠡᠷᠡᠭᠳᠡᠢ᠃      ︵ᠬᠤᠶᠠᠷ︶ ᠪᠥᠬᠦ ᠬᠤᠲᠠ ᠶᠢᠨ ᠡᠯ᠎ᠡ ᠱᠠᠲᠤᠨ ᠤ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠵᠤ᠂ ᠬᠠᠷᠢᠯᠴᠠᠨ ᠬᠢᠨᠠᠯᠲᠠ ᠲᠠᠯᠪᠢᠵᠤ᠂ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃      ︵ᠭᠤᠷᠪᠠ︶ ᠶᠠᠮᠠᠷᠪᠠ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠲᠣᠭᠲᠠᠭᠠᠯ ᠠᠴᠠ ᠵᠥᠷᠢᠴᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠪᠣᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠭᠡᠷᠡᠭ ᠮᠡᠳᠡᠭᠦᠯᠬᠦ ᠤᠲᠠᠰᠤ ᠶᠢ ᠤᠲᠠᠰᠤᠳᠠᠬᠤ ᠬᠡᠷᠡᠭᠲᠡᠢ᠃      ᠳᠣᠲᠣᠭᠠᠳᠤ ᠶᠢ ᠬᠠᠮᠠᠭᠠᠯᠠᠬᠤ ᠭᠡᠷᠡᠭ ᠳᠤ ᠮᠡᠳᠡᠭᠦᠯᠬᠦ ᠤᠲᠠᠰᠤ᠄ 110︔ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠮᠠᠳᠡᠬᠦᠯᠬᠦ ᠤᠲᠠᠰᠤ᠄ 12119᠃            2024 ᠣᠨ ᠤ 3 ᠰᠠᠷ᠎ᠠ ᠶᠢᠨ 14   ᠤ ᠡᠳᠣᠷ                          ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠨ ᠭᠡᠷ                          2024 ᠣᠨ ᠤ 4 ᠰᠠᠷ᠎ᠠ ᠶᠢᠨ 8 ᠤ ᠡᠳᠦᠷ  ᠲᠠᠷᠣᠮᠠᠯᠯᠡᠨ ᠲᠠᠷᠬᠠᠭᠠᠪᠡ
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号