ᠤᠮᠠᠷᠠᠲᠤ ᠬᠢᠯᠢ  ᠶᠢ ᠰᠣᠨᠢᠷᠬᠠᠵᠣ ᠨᠣᠮ ᠤᠨ ᠰᠤᠷᠪᠤᠯᠵᠢᠲᠤ ᠷᠠᠰᠢᠶᠠᠨ  ᠢᠶᠠᠷ ᠠᠶᠠᠯᠠᠨ᠎ᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23 ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠡᠪᠯᠡᠯ ᠤᠨ ᠠᠵᠢᠯ ᠤᠨ ᠵᠥᠪᠯᠡᠯ ︽ᠤᠮᠠᠷᠠᠲᠤ ᠬᠢᠯᠢ  ᠶᠢ ᠰᠣᠨᠢᠷᠬᠠᠵᠣ ᠨᠣᠮ ᠤᠨ ᠰᠤᠷᠪᠤᠯᠵᠢᠲᠤ ᠷᠠᠰᠢᠶᠠᠨ ᠢᠶᠠᠷ ᠠᠶᠠᠯᠠᠨ᠎ᠠ︾ ᠭᠤᠣᠯ ᠰᠡᠳᠦᠪᠲᠦ ᠡᠪᠯᠡᠯ ᠤᠨ ᠡᠳᠦᠷ ᠤᠨ ᠨᠣᠮ ᠤᠩᠰᠢᠬᠤ ᠬᠠᠮᠲᠤ ᠶᠢᠨ ᠬᠤᠷᠠᠯ ᠢ ᠡᠷᠬᠢᠯᠡᠵᠣ᠂ ᠡᠪᠯᠡᠯ ᠤᠨ ᠭᠡᠰᠢᠭᠦᠳ ᠤᠨ ᠡᠩᠨᠡᠭᠡ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠡᠪᠯᠡᠯ ᠤᠨ ᠭᠡᠰᠢᠭᠦᠳ ᠤᠨ ᠨᠣᠮ ᠤᠩᠰᠢᠬᠤ ᠳᠤᠷᠠᠲᠠᠢ᠂ ᠨᠣᠮ ᠤᠩᠰᠢᠵᠤ ᠴᠢᠳᠠᠬᠤ᠂ ᠰᠠᠶᠢᠨ ᠨᠣᠮ ᠤᠩᠰᠢᠬᠤ ᠶᠢ ᠲᠠᠶᠢᠴᠢᠯᠡᠨ ᠳᠠᠭᠠᠭᠤᠯᠬᠤ ᠶᠢ ᠠᠬᠢᠭᠤᠯᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠦᠯᠣᠭᠡ᠂ ᠸᠧᠨᠴᠢᠣᠸᠠᠨ ᠵᠡᠭᠡᠯᠢ ᠶᠢᠨ ᠡᠪᠯᠡᠯ ᠤᠨ ᠭᠡᠰᠢᠭᠦᠨ᠂ ᠵᠠᠯᠠᠭᠤ ᠠᠵᠢᠯᠲᠠᠨ᠂  ᠲᠣᠣᠷᠵᠢᠭᠤᠯᠣᠬᠴᠢ ᠲᠣᠰ ᠤᠳᠠᠭᠠᠨ ᠤ ᠨᠣᠮ ᠤᠩᠰᠢᠬᠤ ᠬᠠᠮᠲᠤ ᠶᠢᠨ ᠬᠤᠷᠠᠯ ᠳᠤ ᠣᠷᠣᠯᠴᠠᠵᠠᠢ᠃      ᠸᠧᠨᠴᠢᠣᠸᠠᠨ ᠵᠡᠭᠡᠯᠢ ᠶᠢᠨ ᠡᠪᠯᠡᠯ ᠤᠨ ᠠᠵᠢᠯ ᠤᠨ ᠵᠦᠪᠯᠡᠯ ᠤᠨ ᠱᠦᠵᠢ ᠠᠴᠠ ᠤᠮᠠᠷᠠᠲᠤ ᠬᠢᠯᠢ ᠶᠢᠨ ᠰᠣᠶᠣᠯ ᠤᠨ ᠵᠣᠷᠢᠭ ᠰᠠᠨᠠᠭᠠᠨ ᠤ ᠲᠡᠮᠳᠡᠭ᠄ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾︔ ᠤᠮᠠᠷᠠᠲᠤ ᠬᠢᠯᠢ ᠶᠢᠨ ᠰᠣᠶᠣᠯ ᠤᠨ ᠭᠤᠣᠯ ᠲᠥᠷᠥᠯ ᠵᠦᠢᠯ᠄ ᠬᠤᠪᠢᠰᠬᠠᠯ ᠤᠨ ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠣᠯ ᠤᠨ ᠰᠣᠶᠣᠯ᠂ ᠤᠷᠲᠤ ᠴᠠᠭᠠᠨ ᠬᠡᠷᠡᠮ ᠤᠨ ᠰᠣᠶᠣᠯ ᠵᠡᠷᠭᠡ ᠠᠭᠤᠯᠭ᠎ᠠ ᠶᠢ ᠲᠠᠭᠠᠭᠠᠭᠤᠯᠣᠨ ᠰᠣᠷᠣᠯᠴᠠᠵᠠᠢ᠃ ᠲᠡᠷᠡ ᠪᠠᠷ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠪᠣᠯ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠴᠠᠭ ᠦᠶ᠎ᠡ ᠶᠢᠨ ᠤᠷᠢᠶᠠᠯᠠᠭ᠎ᠠ ᠪᠣᠯᠣᠨ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠬᠥᠭᠵᠢᠭᠦᠯᠵᠦ᠂ ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤᠪᠠᠷ ᠲᠡᠷᠭᠡᠯᠰᠢᠭᠦᠯᠬᠦ ᠠᠤᠭ᠎ᠠ ᠬᠦᠴᠦᠨ ᠢ ᠨᠢᠭᠲᠠᠷᠠᠭᠤᠯᠵᠤ ᠴᠢᠳᠠᠨ᠎ᠠ᠃ ᠵᠠᠯᠠᠭᠤᠴᠤᠳ ᠤᠨ ᠡᠪᠯᠡᠯ ᠤᠨ ᠭᠡᠰᠢᠭᠦᠳ ᠤᠮᠠᠷᠠᠲᠤ ᠶᠢᠨ ᠰᠣᠶᠣᠯ ᠤᠨ ᠭᠦᠨ ᠠᠭᠤᠯᠤᠭᠳᠠᠬᠤᠨ ᠢ ᠦᠨᠡᠨ ᠬᠦ ᠣᠶᠢᠯᠠᠭᠠᠵᠣ᠂ ᠤᠳᠤ ᠦᠶ᠎ᠡ ᠶᠢᠨ ᠵᠠᠯᠠᠭᠤᠴᠤᠳ ᠤᠨ ᠰᠢᠨ᠎ᠡ ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ ᠵᠥᠪ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠪᠡ᠃      ᠡᠨᠡ ᠤᠳᠠᠭ᠎ᠠ ᠶᠢᠨ ᠤᠩᠰᠢᠯᠭ᠎ᠠ ᠪᠠᠨ ᠬᠤᠪᠢᠶᠠᠯᠴᠠᠬᠤ ᠬᠤᠷᠡᠯ ᠢᠶᠠᠷ ᠳᠡᠮᠵᠢᠨ ᠣᠯᠠᠨ ᠤ ᠤᠩᠰᠢᠯᠭ᠎ᠠ ᠶᠢᠨ ᠤᠷᠮ᠎ᠠ ᠶᠢ ᠬᠥᠭᠵᠢᠭᠡᠭᠰᠡᠨ ᠪᠠᠶᠢᠨ᠎ᠠ᠃ ᠬᠤᠷᠠᠯ ᠳᠤ ᠣᠷᠣᠯᠴᠠᠬᠰᠠᠳ᠂ ᠰᠠᠨᠠᠯ ᠢᠶᠠᠨ ᠰᠣᠯᠢᠯᠴᠠᠵᠤ ᠬᠤᠪᠢᠶᠠᠯᠴᠠᠨ ᠡᠳ᠋ᠯᠡᠬᠦ ᠶᠠᠪᠤᠴᠠ ᠳᠤ ᠠᠰᠢᠭ ᠭᠥᠷᠳᠡᠵᠦ᠂ ᠢᠷᠡᠭᠡᠳᠦᠢ ᠶᠢᠨ ᠠᠵᠢᠯ ᠠᠮᠢᠳᠤᠷᠠᠯ ᠳᠤᠮᠳᠠ ᠪᠠᠨ ᠰᠤᠷᠤᠯᠴᠠᠬᠤ ᠶᠢ ᠪᠠᠷᠢᠮᠲᠠᠯᠠᠨ᠂ ᠨᠣᠮ ᠤᠩᠰᠢᠬᠤ ᠶᠢ ᠪᠠᠷᠢᠮᠲᠠᠯᠠᠵᠤ᠂ ᠬᠠᠷᠠᠭ᠎ᠠ ᠪᠠᠨ ᠥᠷᠭᠡᠳᠬᠡᠨ᠂ ᠰᠡᠳᠬᠢᠬᠦᠢ ᠲᠠᠨᠢᠯᠲᠠ ᠪᠠᠨ ᠳᠡᠭᠡᠭᠰᠢᠯᠡᠭᠦᠯᠵᠦ᠂ ᠡᠴᠦᠰ ᠲᠡᠭᠡᠨ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ ᠭᠡᠵᠡᠢ᠃ ᠳᠠᠷᠠᠭᠠᠴᠢ ᠶᠢᠨ ᠠᠯᠬᠤᠮ ᠳᠤ᠂ ᠸᠧᠨᠴᠢᠣᠸᠠᠨ ᠵᠡᠭᠡᠯᠢ ᠶᠢᠨ ᠡᠪᠯᠡᠯ ᠤᠨ ᠠᠵᠢᠯ ᠤᠨ ᠵᠥᠪᠯᠡᠯ  ᠨᠢ ᠲᠠᠶᠢᠴᠢᠯᠡᠨ ᠳᠠᠭᠠᠭᠤᠯᠵᠤ ᠦᠢᠯᠡᠴᠢᠯᠡᠬᠦ ᠬᠠᠷᠢᠯᠴᠠᠬᠤ ᠴᠢᠳᠠᠪᠬᠢ ᠪᠠᠨ ᠦᠷᠭᠦᠯᠵᠢᠯᠡᠨ ᠪᠠᠳᠠᠷᠠᠭᠤᠯᠵᠤ᠂ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠤᠨ ᠨᠣᠮ ᠤᠩᠰᠢᠬᠤ ᠶᠢ ᠳᠠᠶᠢᠴᠢᠯᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠵᠠᠯᠠᠭᠤᠴᠤᠳ ᠤᠨ ᠨᠣᠮ ᠤᠩᠰᠢᠬᠤ ᠪᠠ ᠭᠡᠷ ᠪᠦᠯᠢ ᠪᠠᠷ ᠢᠶᠠᠨ ᠬᠠᠮᠲᠤ ᠪᠠᠷ ᠤᠩᠰᠢᠬᠤ ᠶᠢ ᠥᠷᠭᠡᠨ ᠢᠶᠠᠷ ᠥᠷᠨᠢᠭᠦᠯᠵᠦ᠂ ︽ᠨᠣᠮ ᠤᠨ ᠰᠤᠷᠪᠤᠯᠵᠢᠲᠤ ᠷᠠᠰᠢᠶᠠᠨ︾ ᠤ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠨ᠎ᠡ᠃
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号