ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠣ ᠪᠠᠶᠢᠨ᠎ᠠ
ᠨᠡᠶᠢᠲᠡᠯᠡᠭᠰᠡᠨ ᠴᠠᠭ᠄
2024/4/25
     ᠣᠶᠢᠷ᠎ᠠ ᠳᠤ᠂ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠪᠠ ᠣᠯᠠᠨ ᠲᠦᠮᠡᠨ ᠤ ︿ᠠᠮᠢ ᠠᠪᠤᠷᠠᠬᠤ ᠵᠣᠭᠤᠰ﹀ ᠢ ᠰᠠᠶᠢᠲᠤᠷ ᠰᠠᠬᠢᠬᠤ ᠳᠤ ᠣᠷᠣᠯᠴᠠᠬᠤ︾ ᠭᠤᠣᠯ ᠰᠡᠳᠦᠪ ᠤᠨ ᠲᠣᠭᠤᠷᠢᠨ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠨᠡᠶᠢᠭᠡᠮ ᠳᠠᠶᠠᠭᠠᠷ ᠢᠶᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠰᠠᠨ ᠪᠠᠶᠢᠨ᠎ᠠ᠃      ᠣᠯᠠᠨ ᠲᠦᠮᠡᠨ ᠤ ᠣᠷᠣᠯᠴᠠᠬᠤ ᠲᠣᠣᠷ ᠢ ᠨᠢᠭᠲᠠ ᠰᠦᠯᠵᠢᠬᠦ ᠶᠢᠨ ᠲᠥᠯᠥᠭᠡ᠂ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ᠂ ᠷᠠᠰᠢᠶᠠᠨ ᠬᠤᠲᠠ ᠶᠢᠨ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠵᠡᠷᠭᠡ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠲᠤᠨᠢ ᠬᠠᠷᠢᠭᠤᠯᠳᠡ ᠦᠭᠴᠣ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠭᠰᠠᠨ ᠪᠠᠶᠢᠨ᠎ᠠ᠃ ᠡᠭᠦᠨ ᠤ ᠬᠠᠮᠲᠤ᠂ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠠᠰᠠ ᠨᠡᠶᠢᠭᠡᠮ ᠨᠡᠶᠢᠲᠡ ᠠᠴᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠨᠡᠶᠢᠭᠡᠮ ᠤᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠢᠯᠡ ᠪᠠᠷ ᠰᠣᠩᠭᠤᠨ ᠤᠷᠢᠪᠡ᠃ ᠭᠤᠣᠯᠳᠡᠭᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠮᠨᠡᠯᠭᠡ ᠶᠢᠨ ᠠᠵᠢᠯᠲᠠᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠳᠤᠮᠳᠠ ᠠᠴᠠ ᠰᠣᠩᠭᠤᠨ ᠤᠷᠢᠵᠤ᠂ ᠬᠢᠨᠠᠯᠲᠠ ᠲᠠᠯᠪᠢᠭᠴᠢ ᠶᠢᠨ ᠡᠩᠨᠡᠭᠡ ᠶᠢ ᠲᠡᠭᠦᠯᠳᠡᠷᠵᠢᠭᠦᠯᠦᠨ᠂ ᠨᠡᠶᠢᠭᠡᠮ ᠤᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠬᠠᠮᠢᠶᠠᠷᠬᠤ ᠬᠠᠮᠲᠤᠪᠠᠷ ᠵᠠᠰᠠᠬᠤ ᠰᠠᠶᠢᠨ ᠰᠠᠶᠢᠬᠠᠨ ᠪᠠᠶᠢᠷᠢᠰᠢᠯ ᠢ ᠢᠳᠡᠪᠬᠢᠲᠡᠢ ᠪᠠᠶᠢᠭᠤᠯᠵᠡᠢ᠃      ᠣᠶᠢᠷ᠎ᠠ ᠶᠢᠨ ᠵᠢᠯ ᠤᠳ ᠲᠤ᠂ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠠᠯᠭᠠᠭ᠎ᠠ ᠪᠠᠷ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠡᠯ᠎ᠡ ᠲᠠᠯ᠎ᠠ ᠶᠢᠨ ᠬᠢᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠡᠮ ᠡᠮᠨᠡᠯᠭᠡ ᠶᠢᠨ ᠦᠢᠯᠡᠴᠢᠯᠡᠭᠡ ᠬᠠᠩᠭᠠᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠦᠨᠡᠨᠴᠢ ᠢᠲᠡᠭᠡᠮᠵᠢᠲᠡᠢ ᠪᠠᠷ ᠭᠦᠢᠴᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠤᠬᠠᠮᠰᠠᠷ ᠠᠴᠠ ᠪᠠᠨ ᠵᠢᠷᠤᠮᠵᠢᠭᠤᠯᠤᠨ᠂ ᠮᠡᠬᠡᠯᠡᠨ ᠬᠢᠬᠠᠬᠤ ᠪᠠ ᠡᠮ ᠨᠠᠶᠢᠷᠠᠭᠴᠢ᠂ ᠡᠮᠴᠢ ᠵᠡᠷᠭᠡ ᠬᠠᠮᠢᠶ᠎ᠠ ᠪᠦᠬᠦᠢ ᠬᠥᠮᠥᠰ ᠤᠨ ᠡᠪᠡᠳᠴᠢᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠬᠤ᠂ ᠰᠢᠨᠵᠢᠯᠡᠬᠦ ᠤᠬᠠᠭᠠᠨᠴᠢ ᠪᠠᠷ ᠣᠨᠣᠰᠢᠯᠠᠨ ᠡᠮᠨᠡᠬᠦ᠂ ᠵᠢᠷᠤᠮᠵᠢᠯ ᠲᠠᠢ ᠦᠢᠯᠡᠴᠢᠯᠡᠬᠦ ᠶᠢ ᠪᠠᠷᠢᠮᠲᠠᠯᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠤ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠵᠤ᠂ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ᠂ ᠡᠮᠴᠢᠯᠡᠭᠡᠨ ᠤ ᠦᠢᠯᠡᠴᠢᠯᠡᠭᠡᠨ ᠤ ᠳᠤᠮᠳᠠᠬᠢ ᠲᠥᠪ ᠪᠤᠰᠤ ᠰᠤᠷᠲᠠᠯ ᠢ ᠵᠠᠯᠠᠷᠡᠭᠤᠯᠣᠨ ᠰᠠᠶᠢᠵᠢᠷᠡᠭᠤᠯᠵᠡᠢ᠃ 2023 ᠣᠨ ᠳᠤ᠂ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠨᠡᠶᠢᠲᠡ 38 ᠪᠠᠶᠢᠴᠠᠭᠠᠵᠤ᠂ ᠳᠠᠭᠠᠳᠬᠠᠯ ᠢ ᠮᠡᠬᠡᠯᠡᠭᠰᠡᠨ 21 ᠬᠡᠷᠡᠭ ᠢ ᠢᠯᠡᠴᠢᠯᠡᠵᠦ᠂ 74332.88 ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠡᠬᠡᠮᠵᠢᠯᠡᠨ ᠠᠪᠴᠢᠷᠠᠬᠰᠠᠨ ᠪᠠᠶᠢᠨ᠎ᠠ᠃  
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号