ᠴᠠᠬᠢᠯᠭᠠᠨ ᠬᠤᠯᠪᠣᠭ᠎ᠠ ᠳᠤᠤᠷ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠨᠢ ᠠᠷᠠᠳ ᠤᠯᠠᠨ ᠤ | ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠵᠤ᠂ ᠠᠵᠤ ᠠᠬᠤᠶ ᠨᠡᠶᠢᠭᠡᠮ ᠤᠨ ᠡᠷᠡᠭᠦᠯ ᠢᠶᠠᠷ | ᠬᠥᠭᠵᠢᠬᠦ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠳᠠᠬ᠃ ᠤᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠵᠤ | ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠤᠨ ᠰᠢᠨ᠎ᠡ ᠲᠣᠭᠲᠠᠴᠠ ᠶᠢ ᠲᠠᠰᠤᠷᠠᠯᠳᠡ ᠦᠭᠡᠢ ᠬᠠᠶᠢᠨ | ᠰᠦᠪᠡᠭᠴᠢᠯᠡᠵᠦ᠂ ︽ᠭᠤᠷᠪᠠᠨ ᠨᠡᠮᠡᠬᠦ ᠠᠷᠭ᠎ᠠ︾ ᠪᠠᠷ ᠳᠠᠮᠵᠢᠨ ᠦᠷ᠎ᠡ ᠠᠰᠢᠭ ᠢ ᠨᠡᠮᠡᠭᠳᠡᠭᠦᠯᠵᠦ᠂ ︽ᠪᠦᠬᠦ | ᠴᠠᠭᠳᠠᠭ᠎ᠠ ᠶᠢ ᠳᠠᠶᠢᠴᠢᠯᠠᠬᠰᠠᠨ᠂ ᠪᠦᠬᠦ ᠠᠷᠠᠳ ᠢᠶᠠᠷ ᠢᠶᠠᠨ ᠤᠷᠤᠯᠴᠠᠬᠰᠠᠨ᠂ ᠪᠦᠬᠦ ᠨᠡᠶᠢᠭᠡᠮ ᠢᠶᠠᠷ ᠢᠶᠠᠨ | ᠦᠢᠯᠡᠭᠠᠬᠰᠠᠨ︾ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ | ᠤᠯᠠᠨ ᠲᠦᠮᠡᠨ ᠤ ᠡᠷᠭᠡ ᠠᠰᠢᠬ ᠢ ᠦᠨᠡᠨᠬᠦ ᠰᠠᠬᠢᠨ ᠬᠠᠮᠠᠭᠠᠯᠠᠪᠠ᠃ | ︽ᠲᠠ ᠨᠠᠷ ᠤᠨ ᠤᠬᠠᠭᠤᠯᠭ᠎ᠠ ᠳᠠᠶᠢᠯᠤᠮᠵᠢ ᠶᠢ ᠰᠤᠨᠤᠰᠤᠬᠰᠠᠨ ᠦᠭᠡᠢ ᠪᠤᠯ ᠪᠢ ᠮᠡᠭᠡᠯᠡᠭᠳᠡᠵᠦ ᠪᠠᠶᠢᠭ᠎ᠠ ᠪᠠᠨ | ᠴᠤ ᠰᠡᠷᠡᠵᠦ ᠮᠡᠳᠡᠬᠦ ᠦᠭᠡᠢ ᠶᠤᠮ᠂ ᠳᠡᠷᠡ ᠴᠢᠨᠢ ᠪᠤᠯ ᠮᠢᠨᠦ ᠤᠳᠠᠭᠠᠨ ᠵᠢᠯ ᠤᠨ ᠬᠠᠳᠠᠭᠠᠯᠠᠮᠵᠢ ᠪᠤᠯᠬᠤ ᠶᠤᠮ︾ | ᠭᠡᠵᠦ ᠰᠢᠤᠢ ᠬᠠᠶ ᠪᠦᠦ ᠠᠷᠠᠳ ᠤᠨ ᠴᠠᠬᠳᠠᠭ᠎ᠠ ᠳᠤ ᠳᠠᠯᠠᠷᠬᠠᠬᠰᠠᠨ ᠰᠡᠳᠬᠢᠯ ᠢᠶᠠᠨ ᠢᠯᠡᠳᠭᠡᠨ ᠭᠡᠯᠡᠨ᠎ᠠ᠃ | ᠤᠶᠢᠯᠠᠭᠠᠬᠰᠠᠨ ᠢᠶᠠᠷ᠂ 2023 ᠤᠨ ᠤ 6 ᠰᠠᠷ᠎ᠠ ᠳᠤ᠂ ᠷᠠᠰᠢᠶᠠᠨ ᠬᠤᠳᠠ ᠶᠢᠨ ᠰᠠᠭᠤᠭᠠᠯᠢ ᠠᠷᠠᠳ ᠰᠢᠤᠢ ᠬᠠᠢ | ᠪᠤᠤ ᠴᠠᠬᠢᠯᠭᠠᠨ ᠬᠤᠯᠪᠤᠭ᠎ᠠ ᠶᠢᠨ ᠮᠡᠭᠡᠯᠡᠯ ᠳᠤ ᠤᠴᠠᠷᠠᠵᠦ᠂ ᠵᠤᠭᠤᠰ ᠮᠦᠡᠭᠬᠦ ᠪᠠᠨ ᠪᠤᠰᠤᠳ ᠲᠤ ᠭᠤᠪᠢᠭᠤᠯᠵᠥ | ᠦᠭᠬᠦ ᠪᠠᠷ ᠪᠡᠯᠡᠳᠭᠡᠵᠦ ᠪᠠᠶᠢᠯ᠎ᠠ᠃ ᠳᠤᠬᠠᠢ ᠶᠢᠨ ᠦᠶ᠎ᠠ ᠳᠤ᠂ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠬᠢᠨ ᠶᠠᠬ ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ ᠮᠡᠭᠡᠯᠡᠯ ᠢ ᠰᠡᠷᠭᠡᠶᠢᠯᠡᠬᠦ ᠶᠢ ᠦᠷᠭᠡᠨ ᠢᠶᠠᠷ | ᠤᠬᠠᠭᠤᠯᠵᠦ᠂ ᠨᠡᠶᠢᠭᠡᠮ ᠳᠤᠭᠤᠷᠢᠬ᠂ ᠰᠠᠭᠤᠭᠠᠯᠢ ᠠᠷᠠᠳ ᠤᠨ ᠡᠷᠦᠭᠡ᠂ ᠠᠭᠤᠳᠠᠮ ᠳᠠᠯᠠᠪᠠᠢ᠂ ᠵᠤᠭᠠᠴᠠᠯ ᠤᠨ | ᠭᠠᠵᠠᠷ ᠵᠡᠷᠭᠡ ᠪᠠᠷ ᠬᠦᠨᠵᠡᠭᠡᠶᠢᠷᠡᠨ ᠤᠬᠠᠭᠤᠯᠭ᠎ᠠ ᠳᠠᠶᠢᠯᠤᠮᠵᠢ ᠬᠢᠵᠦ ᠪᠠᠶᠢᠪᠠ᠃ ᠴᠠᠬᠳᠠᠭ᠎ᠠ ᠨᠠᠷ ᠤᠨ ᠤᠬᠠᠭᠤᠯᠭ᠎ᠠ | ᠳᠠᠶᠢᠯᠤᠮᠵᠢ ᠶᠢ ᠰᠤᠨᠤᠰᠤᠭᠠᠳ ᠰᠢᠦᠢ ᠬᠠᠢ ᠪᠤᠤ ᠦᠪᠡᠷ ᠤᠨ ᠴᠠᠬᠢᠯᠭᠠᠨ ᠬᠤᠯᠪᠤᠭ᠎ᠠ ᠶᠢᠨ ᠮᠡᠭᠡᠯᠡᠯ ᠳᠤ ᠤᠴᠠᠷᠠᠵᠦ | ᠪᠠᠶᠢᠭ᠎ᠠ ᠪᠠᠨ ᠰᠡᠷᠡᠵᠦ ᠮᠡᠳᠡᠵᠦ᠂ ᠳᠡᠷᠡ ᠳᠠᠷᠤᠢ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠳᠤ ᠬᠦᠷᠴᠦ | ᠪᠠᠶᠢᠳᠠᠯ ᠢᠶᠠᠨ ᠮᠡᠳᠡᠭᠳᠡᠵᠦ᠂ ᠮᠡᠭᠡᠯᠡᠯ ᠪᠤᠯᠬᠤ ᠡᠰᠡᠬᠦ ᠶᠢ ᠳᠤᠳᠤᠯᠠᠵᠠᠢ᠃ ᠮᠦᠨ ᠴᠤ ᠳᠡᠬᠦᠨ ᠤ ᠬᠠᠨᠭ᠍ᠭᠠᠬᠰᠠᠨ | ᠰᠦᠪᠡᠭᠴᠢ ᠪᠠᠷ ᠳᠠᠮᠵᠢᠨ᠂ ᠠᠷᠠᠳ ᠤᠨ ᠴᠠᠬᠳᠠᠭ᠎ᠠ ᠭᠡᠷᠡᠭ ᠤᠨ ᠰᠡᠵᠢᠭᠳᠡᠨ ᠭᠤᠤ ᠤᠪᠤᠬᠳᠦ᠂ ᠸᠠᠩ ᠤᠪᠤᠬᠳᠦ | ᠵᠡᠷᠭᠡ 6 ᠬᠦᠮᠦᠨ ᠢ ᠪᠠᠷᠢᠪᠴᠢᠯᠡᠵᠠᠢ᠃ | 2023 ᠣᠨ ᠠᠴᠠ ᠨᠠᠭᠠᠰᠢ᠂ ᠷᠠᠰᠢᠶᠠᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠴᠠᠬᠢᠯᠭᠠᠨ | ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠲᠤᠰᠬᠠᠢ ᠰᠡᠳᠦᠪᠲᠦ ᠲᠠᠶᠢᠯᠤᠮᠵᠢ ᠶᠢ 15 ᠤᠳᠠᠭ᠎ᠠ ᠥᠷᠨᠢᠭᠦᠯᠵᠦ᠂ 700 | ᠭᠠᠷᠤᠢ ᠬᠥᠮᠦᠨ ᠳᠤ ᠠᠰᠢᠭ ᠬᠦᠷᠲᠡᠭᠡᠵᠡᠢ᠃ ᠡᠭᠦᠨ ᠤ ᠬᠠᠮᠲᠤ ᠬᠠᠷᠢᠶᠠᠲᠤ ᠣᠷᠣᠨ ᠤ ᠨᠠᠰᠤᠲᠠᠶᠢᠴᠤᠳ᠂ ᠨᠡᠭᠦᠳᠡᠯ | ᠬᠥᠮᠦᠨ ᠠᠮᠠ᠂ ᠠᠵᠢᠯ ᠥᠬᠡᠶ ᠬᠥᠮᠦᠨ ᠵᠡᠷᠭᠡ ᠠᠮᠠᠷᠬᠠᠨ ᠮᠡᠬᠡᠯᠡᠭᠳᠡᠬᠦ ᠬᠥᠮᠦᠰ ᠲᠤ ᠭᠤᠤᠯᠳᠠᠯᠭ᠎ᠠ ᠲᠠᠢ ᠴᠢᠭᠯᠡᠭᠦᠯᠬᠦ | ᠴᠢᠨᠠᠷᠲᠠᠶ ᠤᠬᠠᠭᠤᠯᠭ᠎ᠠ ᠶᠢ ᠥᠷᠨᠢᠭᠦᠯᠵᠠᠢ᠃ | ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠤᠨᠴᠠᠯᠢᠬᠳᠤ ᠤᠬᠠᠭᠤᠯᠭ᠎ᠠ ᠶᠢᠨ ᠵᠠᠭᠪᠤᠷ ᠢ | ᠢᠳᠡᠪᠬᠢᠲᠡᠢ ᠰᠢᠨᠡᠴᠢᠯᠡᠵᠦ᠂ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ ︽ | ᠮᠡᠭᠡᠯᠡᠯ ᠢ ᠡᠰᠡᠷᠭᠦᠴᠡᠬᠦ ᠬᠢᠴᠢᠶᠡᠯ ᠤᠨ ᠳᠠᠩᠬᠢᠮ︾ ᠤᠨ ᠠᠵᠢᠯᠯᠠᠭ᠎ᠠ ᠥᠷᠨᠢᠭᠦᠯᠵᠦ᠂ ᠮᠡᠳᠡᠯᠭᠡ ᠶᠢᠨ ᠤᠷᠤᠯᠳᠤᠭᠠᠨ᠂ | ᠮᠡᠭᠡᠯᠡᠯ ᠢ ᠡᠰᠡᠷᠭᠦᠴᠡᠬᠦ ᠳᠤᠷ᠎ᠠ ᠰᠣᠨᠢᠷᠬᠠᠯᠳᠦ ᠠᠵᠢᠯᠯᠠᠭ᠎ᠠ ᠵᠡᠷᠭᠡ ᠬᠡᠯᠪᠡᠷᠢ ᠪᠠᠷ ᠰᠤᠷᠤᠭᠴᠢᠳ ᠤᠨ ᠮᠡᠭᠡᠯᠡᠯ ᠢ ᠲᠠᠨᠢᠵᠤ | ᠮᠡᠭᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠡᠮᠡᠭᠳᠡᠬᠦᠯᠪᠡ︔ ︽ᠠᠬᠤᠶ ᠪᠠᠶᠢᠳᠠᠯ ᠤᠨ ᠰᠤᠷᠢᠯᠳᠠ ᠪᠤᠯᠪᠠᠰᠤᠷᠠᠯ︾ | ᠢᠶᠠᠷ ᠳᠠᠮᠵᠢᠭᠤᠯᠤᠨ ᠨᠠᠰᠤᠲᠠᠶᠢᠴᠤᠳ ᠲᠤ ᠨᠡᠶᠢᠳᠡᠮ ᠭᠡᠷᠡᠭᠯᠡᠬᠦ ᠮᠡᠬᠡᠯᠡᠯ ᠤᠨ ᠠᠷᠭ᠎ᠠ ᠵᠠᠮ᠂ ︽ᠤᠨᠠᠭᠤᠯᠢ︾ | ᠵᠡᠷᠭᠡ ᠶᠢ ᠤᠶᠢᠯᠠᠭᠠᠭᠤᠯᠵᠦ᠂ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠳᠤᠰ ᠳᠤᠪᠴᠢᠶ᠎ᠠ | ᠠᠳᠠᠯᠢ ᠪᠤᠰᠦ ᠨᠠᠰᠤᠨ ᠤ ᠰᠠᠭᠤᠭᠠᠯᠢ ᠠᠷᠠᠳ᠂ ᠪᠦᠯᠬᠦᠮ ᠨᠡᠶᠢᠳᠡ ᠶᠢᠨ ᠪᠠᠶᠢᠳᠡᠯ ᠳᠤᠨᠢ ᠳᠤᠬᠢᠷᠠᠭᠤᠯᠤᠨ᠂ ᠤᠯᠠᠨ | ᠭᠡᠯᠪᠡᠷᠢ ᠶᠢᠨ ᠤᠨᠴᠠᠯᠢᠬᠳᠦ ᠤᠬᠠᠭᠤᠯᠭ᠎ᠠ ᠶᠢᠨ ᠠᠷᠭ᠎ᠠ ᠠᠪᠴᠠᠯ ᠢ ᠠᠪᠴᠦ᠂ ᠬᠦᠮᠦᠰ ᠤᠨ ᠨᠠᠩ ᠠᠮᠠᠷᠬᠠᠨ ᠢᠶᠠᠷ | ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ ᠮᠡᠭᠡᠯᠡᠯ ᠢ ᠤᠶᠢᠯᠠᠭᠠᠵᠦ ᠰᠡᠷᠭᠡᠶᠢᠯᠡᠬᠦ ᠶᠢ ᠠᠬᠢᠭᠤᠯᠵᠦ ᠪᠠᠶᠢᠭ᠎ᠠ ᠶᠤᠮ᠃ | ︽ᠲᠠ ᠰᠠᠶᠢᠨ ᠤᠤ᠂ ᠪᠢ ᠪᠣᠯ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠮᠡᠬᠡᠯᠡᠯ ᠢ ᠡᠰᠡᠷᠭᠦᠴᠡᠬᠦ ᠲᠥᠪ ᠤᠨ ᠴᠠᠭᠳᠠᠭ᠎ᠠ ᠮᠥᠨ᠂ ᠲᠠ ᠣᠲᠣ ᠶᠠᠭ ᠴᠠᠬᠢᠯᠭᠠᠨ ᠬᠤᠯᠪᠣᠭ᠎ᠠ ᠲᠤᠤᠷ | ᠰᠦᠯᠵᠢᠶᠡᠨ ᠤ ᠮᠡᠬᠡᠯᠡᠯ ᠳᠤ ᠤᠴᠠᠷᠠᠵᠤ ᠪᠠᠶᠢᠬᠤ ᠰᠡᠵᠢᠭᠯᠡᠯᠳᠠᠢ᠂ ᠲᠠᠨᠢᠯ ᠪᠤᠰᠤ ᠬᠥᠮᠦᠨ ᠤ ᠤᠲᠠᠰᠤ ᠪᠠᠷ ᠬᠡᠯᠡᠭᠰᠡᠨ | ᠦᠭᠡ ᠶᠢ ᠪᠢᠲᠡᠭᠡᠶ ᠢᠲᠡᠭᠡᠭᠡᠷᠡᠶ᠂ ᠲᠠᠨᠢᠯ ᠪᠤᠰᠤ ᠬᠥᠮᠦᠨ ᠳᠤ ᠲᠠᠩᠰᠠ ᠰᠢᠯᠵᠢᠭᠦᠯᠵᠦ᠂ ᠵᠣᠭᠤᠰ ᠭᠤᠪᠢᠭᠤᠯᠵᠤ | ᠪᠣᠯᠬᠤ ᠥᠬᠡᠶ ᠁︾ ᠭᠡᠵᠦ ᠠᠷᠠᠳ ᠤᠨ ᠴᠠᠬᠳᠠᠭ᠎ᠠ ᠰᠦᠯᠵᠢᠶᠡᠨ ᠰᠢᠰᠲ᠋ᠧᠮ ᠢᠶᠠᠷ ᠳᠠᠮᠵᠢᠨ ᠬᠢᠨᠠᠨ ᠪᠠᠶᠢᠴᠠᠭᠠᠵᠦ | ᠤᠯᠤᠬᠰᠠᠨ ᠮᠡᠳᠡᠭᠡ ᠵᠠᠩᠬᠢ ᠪᠠᠨ ᠠᠰᠢᠬᠯᠠᠨ ᠮᠡᠭᠡᠯᠡᠯ ᠳᠤ ᠤᠴᠠᠷᠠᠬᠤ ᠮᠡᠳᠡᠬᠦ ᠬᠦᠮᠦᠰ ᠢ ᠴᠠᠭ ᠲᠤᠬᠠᠶ ᠳᠤᠨᠢ | ᠢᠳᠬᠠᠨ ᠬᠤᠷᠢᠭᠯᠠᠨ᠎ᠠ᠃ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ | ᠠᠬᠢᠭᠤᠯᠬᠤ ᠶᠢᠨ ᠲᠥᠯᠥᠭᠡ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ︽ | ᠰᠦᠯᠵᠢᠶᠡᠨ ᠰᠢᠰᠲ᠋ᠧᠮ ᠢᠶᠠᠷ ᠴᠠᠬ ᠲᠤᠨᠢ ᠬᠢᠨᠠᠨ ᠪᠠᠶᠢᠴᠠᠭᠠᠬᠤ ᠪᠠ ᠰᠦᠯᠵᠢᠶᠡᠨ ᠭᠠᠳᠠᠨᠠᠬᠢ ᠴᠠᠭ ᠲᠤᠬᠠᠶ ᠳᠤᠨᠢ | ᠢᠳᠬᠠᠨ ᠬᠤᠷᠢᠭᠯᠠᠬᠤ︾ ᠶᠢ ᠤᠶᠠᠯᠳᠤᠭᠤᠯᠤᠨ᠂ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠥᠬᠦ | ᠬᠦᠴᠦᠨ ᠢᠶᠠᠷ ᠢᠶᠠᠨ ᠪᠠᠬᠢᠵᠢᠬᠦᠯᠦᠭᠰᠡᠨ ᠪᠠᠶᠢᠨ᠎ᠠ᠃ | 2023 ᠣᠨ ᠠᠴᠠ ᠨᠠᠭᠠᠰᠢ᠂ ᠷᠠᠰᠢᠶᠠᠨ ᠬᠤᠲᠠ ᠶᠢᠨ ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ | ᠮᠡᠬᠡᠯᠡᠯ ᠤᠨ ᠬᠡᠷᠡᠭ ᠭᠠᠷᠤᠭᠰᠠᠨ ᠨᠣᠷᠮ᠎ᠠ ᠪᠠ ᠬᠡᠷᠡᠭ ᠲᠤ ᠬᠤᠯᠪᠣᠭᠳᠠᠭᠰᠠᠨ ᠠᠵᠤ ᠠᠬᠤᠶ ᠶᠢᠨ ᠬᠤᠬᠢᠷᠠᠯ ᠴᠥᠮ | ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠣᠯᠠᠨ ᠲᠦᠮᠡᠨ ᠤ ᠠᠵᠦ ᠠᠬᠤᠢ ᠶᠢᠨ ᠬᠤᠬᠢᠷᠠᠯ ᠢ ᠨᠡᠶᠢᠳᠡ | 137940 ᠲᠥᠭᠦᠷᠢᠭ ᠡᠭᠡᠭᠦᠯᠦᠨ ᠠᠪᠴᠢᠷᠠᠭᠰᠠᠨ ᠪᠠᠶᠢᠨ᠎ᠠ᠃ ᠷᠠᠰᠢᠶᠠᠨ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠬᠢᠨ ᠴᠠᠬᠢᠯᠭᠠᠨ ᠬᠤᠯᠪᠣᠭ᠎ᠠ ᠳᠤᠤᠷ ᠰᠦᠯᠵᠢᠶ᠎ᠡ ᠶᠢᠨ ᠮᠡᠭᠡᠯᠡᠯ ᠤᠨ ᠶᠠᠯᠠᠲᠤ | ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠶᠢᠨ ᠵᠡᠷᠭᠡᠪᠡᠷ ᠪᠠᠰᠠ ᠮᠡᠭᠡᠯᠡᠯ ᠢ ᠡᠰᠡᠷᠭᠦᠴᠡᠬᠦ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ | ᠣᠯᠠᠨ ᠲᠦᠮᠡᠨ ᠤ ︽ᠢᠯᠭᠠᠨ ᠲᠠᠨᠢᠬᠤ ᠴᠢᠳᠠᠪᠤᠷᠢ︾ ᠶᠢ ᠦᠨᠡᠨ ᠬᠦ ᠲᠡᠭᠡᠭᠰᠢᠯᠠᠭᠦᠯᠵᠥ᠂ ︽ᠮᠡᠭᠡᠯᠡᠯ ᠢ ᠰᠡᠷᠭᠡᠶᠢᠯᠡᠬᠦ | ᠱᠤᠭᠤᠮ︾ ᠢ ᠪᠠᠲᠤ ᠴᠣᠭᠴᠠᠯᠠᠭᠰᠠᠨ ᠪᠠᠶᠢᠨ᠎ᠠ᠃ ︵ᡁᠢ ᠮᠢᠨ ᠼᠠᠢ ᡁᠢ ᠰᠢᠨ︶ |