ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠰᠡᠷᠡᠮᠵᠢᠯᠠᠬᠦᠯᠦᠯ︕ ᠪᠦᠬᠦ ᠪᠥᠮᠪᠥᠷᠴᠡᠭ ᠲᠤ ᠨᠠᠭᠠᠳᠤ ᠵᠠᠬ᠎ᠠ ᠳᠠᠭᠠᠨ ᠨᠠᠢᠮᠠᠨ ᠤ ᠨᠢᠭᠡ ᠬᠤᠪᠢ ᠶᠢᠨ ᠬᠦᠮᠦᠨ ᠨᠢ ᠮᠠᠷᠢᠶᠠᠯᠠᠬᠤ ᠡᠪᠡᠳᠴᠢᠨ ᠳᠤ ᠨᠡᠷᠪᠡᠭᠳᠡᠵᠡᠢ
ᠨᠡᠶᠢᠲᠡᠯᠡᠭᠰᠡᠨ ᠴᠠᠭ᠄
2024/4/25
     ᠳᠡᠯᠡᠬᠡᠶ ᠶᠢᠨ ᠡᠷᠡᠭᠦᠯ ᠬᠠᠮᠠᠭᠠᠯᠠᠯ ᠤᠨ  ᠵᠣᠬᠢᠶᠠᠨ  ᠪᠠᠶᠢᠭᠤᠯᠤᠯᠲᠠ ︵WHO︶ 3 ᠰᠠᠷ᠎ᠠ ᠶᠢᠨ 1 ᠤ ᠡᠳᠦᠷ ᠰᠢᠨ᠎ᠡ ᠪᠠᠷ ᠨᠡᠶᠢᠲᠡᠯᠡᠭᠰᠡᠨ ᠪᠥᠬᠦ ᠳᠡᠯᠡᠬᠡᠶ ᠶᠢᠨ ᠠᠨᠠᠭᠠᠬᠤ ᠤᠬᠠᠭᠠᠨ ᠤ ᠨᠢᠭᠡᠨ ᠰᠤᠳᠤᠯᠭᠠᠨ ᠠᠴᠠ ᠡᠰᠢ ᠲᠠᠲᠠᠵᠤ ᠬᠡᠯᠡᠬᠦ ᠳᠡᠭᠡᠨ᠂ ᠳᠡᠯᠡᠬᠡᠶ ᠶᠢᠨ ᠪᠥᠮᠪᠥᠷᠴᠡᠭ ᠳᠡᠭᠡᠷ᠎ᠡ ᠨᠠᠭᠠᠳᠤ ᠵᠠᠬ᠎ᠠ ᠳᠠᠭᠠᠨ ᠨᠠᠢᠮᠠᠨ ᠤ ᠨᠢᠭᠡ ᠬᠤᠪᠢ ᠶᠢᠨ ᠬᠦᠮᠦᠨ ᠨᠢ  ᠮᠠᠷᠢᠶᠠᠯᠠᠬᠤ  ᠡᠪᠡᠳᠴᠢᠨ ᠳᠤ ᠨᠡᠷᠪᠡᠭᠳᠡᠵᠡᠢ ᠭᠡᠪᠡ᠃              2022 ᠣᠨ ᠤ ᠪᠦᠷᠢᠳᠬᠡᠯ ᠠᠴᠠ ᠦᠵᠡᠪᠡᠯ᠂ 10 ᠳ᠋ᠦᠩᠰᠢᠭᠤᠷ ᠬᠥᠮᠦᠨ ᠡᠶᠢᠮᠦ ᠡᠪᠡᠳᠴᠢᠨ ᠳᠤ  ᠨᠡᠷᠪᠡᠭᠳᠡᠵᠦ᠂ 1990 ᠣᠨ ᠠᠴᠠ ᠨᠠᠭᠠᠰᠢ ᠡᠨᠡ ᠬᠦ ᠲᠤᠭ᠎ᠠ ᠨᠢ 5 ᠠᠴᠠ 19 ᠨᠠᠰᠤᠨ ᠤ  ᠬᠥᠮᠦᠰ ᠤᠨ  ᠳᠣᠲᠣᠷ᠎ᠠ  ᠳᠥᠷᠪᠡᠨ  ᠳᠠᠬᠢᠨ ᠨᠡᠮᠡᠭᠳᠡᠭᠰᠡᠨ ᠪᠠᠶᠢᠨ᠎ᠠ᠃              ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ  ᠪᠠᠶᠢᠭᠤᠯᠤᠯᠲᠠ ᠶᠢᠨ ᠬᠡᠷᠡᠭ ᠡᠷᠬᠢᠯᠡᠬᠦ ᠭᠠᠵᠠᠷ ᠤᠨ ᠬᠢᠨ  ᠬᠡᠯᠡᠬᠦ ᠳᠡᠭᠡᠨ᠂ ᠧᠦ᠋ᠷᠣᠫᠠ ᠳᠤ ᠪᠡᠶ᠎ᠡ ᠶᠢᠨ ᠬᠦᠨᠳᠦ ᠨᠢ ᠬᠡᠳᠦ ᠬᠦᠨᠳᠦ ᠪᠠᠶᠢᠬᠤ ᠪᠠ ᠮᠠᠷᠢᠶᠠᠯᠠᠬᠤ ᠨᠢ ᠬᠦᠮᠦᠰ ᠤᠨ ᠦᠬᠦᠬᠦ ᠪᠠ ᠵᠡᠮᠳᠡᠭ ᠪᠣᠯᠬᠤ ᠶᠢᠨ ᠭᠤᠣᠯ ᠰᠢᠯᠲᠠᠭᠠᠨ ᠤ ᠨᠢᠭᠡ ᠪᠤᠯᠵᠠᠢ᠂ ᠵᠢᠱᠢᠯᠳᠡ ᠪᠠᠷ᠂ ᠮᠠᠷᠢᠶᠠᠯᠠᠬᠤ ᠡᠪᠡᠳᠴᠢᠨ ᠨᠢ ᠵᠢᠯ  ᠪᠦᠷᠢ  120  ᠭᠠᠷᠤᠶ ᠲᠦᠮᠡᠨ ᠬᠥᠮᠦᠨ ᠢ ᠦᠬᠦᠭᠦᠯᠵᠦ ᠪᠠᠶᠢᠨ᠎ᠠ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号