ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠤᠨ ᠰᠢᠨ᠎ᠡ ᠲᠣᠭᠲᠠᠴᠠ ᠶᠢ ᠰᠦᠪᠡᠭᠴᠢᠯᠡᠵᠦ ᠮᠡᠭᠡᠯᠡᠯ ᠳᠤ ᠬᠤᠯᠪᠤᠬᠳᠠᠬᠰᠠᠨ ᠶᠠᠯᠠᠳᠦ ᠠᠵᠢᠯᠯᠠᠭ᠎ᠠ ᠳᠤ ᠬᠦᠨᠳᠦ ᠴᠤᠬᠢᠯᠳᠠ ᠦᠭᠴᠦ ᠪᠤᠢ
ᠨᠡᠶᠢᠲᠡᠯᠡᠭᠰᠡᠨ ᠴᠠᠭ᠄
2024/4/25
     ᠴᠠᠬᠢᠯᠭᠠᠨ ᠬᠤᠯᠪᠣᠭ᠎ᠠ ᠳᠤᠤᠷ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠨᠢ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠵᠤ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠳᠠᠬ᠃ ᠤᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠵᠤ ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠤᠨ ᠰᠢᠨ᠎ᠡ ᠲᠣᠭᠲᠠᠴᠠ ᠶᠢ ᠲᠠᠰᠤᠷᠠᠯᠳᠡ ᠦᠭᠡᠢ ᠬᠠᠶᠢᠨ ᠰᠦᠪᠡᠭᠴᠢᠯᠡᠵᠦ᠂ ︽ᠭᠤᠷᠪᠠᠨ ᠨᠡᠮᠡᠬᠦ ᠠᠷᠭ᠎ᠠ︾ ᠪᠠᠷ ᠳᠠᠮᠵᠢᠨ ᠦᠷ᠎ᠡ ᠠᠰᠢᠭ ᠢ ᠨᠡᠮᠡᠭᠳᠡᠭᠦᠯᠵᠦ᠂ ︽ᠪᠦᠬᠦ ᠴᠠᠭᠳᠠᠭ᠎ᠠ ᠶᠢ ᠳᠠᠶᠢᠴᠢᠯᠠᠬᠰᠠᠨ᠂ ᠪᠦᠬᠦ ᠠᠷᠠᠳ ᠢᠶᠠᠷ ᠢᠶᠠᠨ ᠤᠷᠤᠯᠴᠠᠬᠰᠠᠨ᠂ ᠪᠦᠬᠦ ᠨᠡᠶᠢᠭᠡᠮ ᠢᠶᠠᠷ ᠢᠶᠠᠨ ᠦᠢᠯᠡᠭᠠᠬᠰᠠᠨ︾ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠤᠯᠠᠨ ᠲᠦᠮᠡᠨ ᠤ ᠡᠷᠭᠡ ᠠᠰᠢᠬ ᠢ ᠦᠨᠡᠨᠬᠦ ᠰᠠᠬᠢᠨ ᠬᠠᠮᠠᠭᠠᠯᠠᠪᠠ᠃      ︽ᠲᠠ ᠨᠠᠷ ᠤᠨ ᠤᠬᠠᠭᠤᠯᠭ᠎ᠠ ᠳᠠᠶᠢᠯᠤᠮᠵᠢ ᠶᠢ ᠰᠤᠨᠤᠰᠤᠬᠰᠠᠨ ᠦᠭᠡᠢ ᠪᠤᠯ ᠪᠢ ᠮᠡᠭᠡᠯᠡᠭᠳᠡᠵᠦ ᠪᠠᠶᠢᠭ᠎ᠠ ᠪᠠᠨ ᠴᠤ ᠰᠡᠷᠡᠵᠦ ᠮᠡᠳᠡᠬᠦ ᠦᠭᠡᠢ ᠶᠤᠮ᠂ ᠳᠡᠷᠡ ᠴᠢᠨᠢ ᠪᠤᠯ ᠮᠢᠨᠦ ᠤᠳᠠᠭᠠᠨ ᠵᠢᠯ ᠤᠨ ᠬᠠᠳᠠᠭᠠᠯᠠᠮᠵᠢ ᠪᠤᠯᠬᠤ ᠶᠤᠮ︾ ᠭᠡᠵᠦ ᠰᠢᠤᠢ ᠬᠠᠶ ᠪᠦᠦ ᠠᠷᠠᠳ ᠤᠨ ᠴᠠᠬᠳᠠᠭ᠎ᠠ ᠳᠤ ᠳᠠᠯᠠᠷᠬᠠᠬᠰᠠᠨ ᠰᠡᠳᠬᠢᠯ ᠢᠶᠠᠨ ᠢᠯᠡᠳᠭᠡᠨ ᠭᠡᠯᠡᠨ᠎ᠠ᠃ ᠤᠶᠢᠯᠠᠭᠠᠬᠰᠠᠨ ᠢᠶᠠᠷ᠂ 2023 ᠤᠨ ᠤ 6 ᠰᠠᠷ᠎ᠠ ᠳᠤ᠂ ᠷᠠᠰᠢᠶᠠᠨ ᠬᠤᠳᠠ ᠶᠢᠨ ᠰᠠᠭᠤᠭᠠᠯᠢ ᠠᠷᠠᠳ ᠰᠢᠤᠢ ᠬᠠᠢ ᠪᠤᠤ ᠴᠠᠬᠢᠯᠭᠠᠨ ᠬᠤᠯᠪᠤᠭ᠎ᠠ ᠶᠢᠨ ᠮᠡᠭᠡᠯᠡᠯ ᠳᠤ ᠤᠴᠠᠷᠠᠵᠦ᠂ ᠵᠤᠭᠤᠰ ᠮᠦᠡᠭᠬᠦ ᠪᠠᠨ ᠪᠤᠰᠤᠳ ᠲᠤ ᠭᠤᠪᠢᠭᠤᠯᠵᠥ ᠦᠭᠬᠦ ᠪᠠᠷ ᠪᠡᠯᠡᠳᠭᠡᠵᠦ ᠪᠠᠶᠢᠯ᠎ᠠ᠃ ᠳᠤᠬᠠᠢ ᠶᠢᠨ ᠦᠶ᠎ᠠ ᠳᠤ᠂ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠬᠢᠨ ᠶᠠᠬ ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ ᠮᠡᠭᠡᠯᠡᠯ ᠢ ᠰᠡᠷᠭᠡᠶᠢᠯᠡᠬᠦ ᠶᠢ ᠦᠷᠭᠡᠨ ᠢᠶᠠᠷ ᠤᠬᠠᠭᠤᠯᠵᠦ᠂ ᠨᠡᠶᠢᠭᠡᠮ ᠳᠤᠭᠤᠷᠢᠬ᠂ ᠰᠠᠭᠤᠭᠠᠯᠢ ᠠᠷᠠᠳ ᠤᠨ ᠡᠷᠦᠭᠡ᠂ ᠠᠭᠤᠳᠠᠮ ᠳᠠᠯᠠᠪᠠᠢ᠂ ᠵᠤᠭᠠᠴᠠᠯ ᠤᠨ ᠭᠠᠵᠠᠷ ᠵᠡᠷᠭᠡ ᠪᠠᠷ ᠬᠦᠨᠵᠡᠭᠡᠶᠢᠷᠡᠨ ᠤᠬᠠᠭᠤᠯᠭ᠎ᠠ ᠳᠠᠶᠢᠯᠤᠮᠵᠢ ᠬᠢᠵᠦ ᠪᠠᠶᠢᠪᠠ᠃ ᠴᠠᠬᠳᠠᠭ᠎ᠠ ᠨᠠᠷ ᠤᠨ ᠤᠬᠠᠭᠤᠯᠭ᠎ᠠ ᠳᠠᠶᠢᠯᠤᠮᠵᠢ ᠶᠢ ᠰᠤᠨᠤᠰᠤᠭᠠᠳ ᠰᠢᠦᠢ ᠬᠠᠢ ᠪᠤᠤ ᠦᠪᠡᠷ ᠤᠨ ᠴᠠᠬᠢᠯᠭᠠᠨ ᠬᠤᠯᠪᠤᠭ᠎ᠠ ᠶᠢᠨ ᠮᠡᠭᠡᠯᠡᠯ ᠳᠤ ᠤᠴᠠᠷᠠᠵᠦ ᠪᠠᠶᠢᠭ᠎ᠠ ᠪᠠᠨ ᠰᠡᠷᠡᠵᠦ ᠮᠡᠳᠡᠵᠦ᠂ ᠳᠡᠷᠡ ᠳᠠᠷᠤᠢ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠳᠤ ᠬᠦᠷᠴᠦ ᠪᠠᠶᠢᠳᠠᠯ ᠢᠶᠠᠨ ᠮᠡᠳᠡᠭᠳᠡᠵᠦ᠂ ᠮᠡᠭᠡᠯᠡᠯ ᠪᠤᠯᠬᠤ ᠡᠰᠡᠬᠦ ᠶᠢ ᠳᠤᠳᠤᠯᠠᠵᠠᠢ᠃ ᠮᠦᠨ ᠴᠤ ᠳᠡᠬᠦᠨ ᠤ ᠬᠠᠨᠭ᠍ᠭᠠᠬᠰᠠᠨ ᠰᠦᠪᠡᠭᠴᠢ ᠪᠠᠷ ᠳᠠᠮᠵᠢᠨ᠂ ᠠᠷᠠᠳ ᠤᠨ ᠴᠠᠬᠳᠠᠭ᠎ᠠ ᠭᠡᠷᠡᠭ ᠤᠨ ᠰᠡᠵᠢᠭᠳᠡᠨ ᠭᠤᠤ ᠤᠪᠤᠬᠳᠦ᠂ ᠸᠠᠩ ᠤᠪᠤᠬᠳᠦ ᠵᠡᠷᠭᠡ 6 ᠬᠦᠮᠦᠨ ᠢ ᠪᠠᠷᠢᠪᠴᠢᠯᠡᠵᠠᠢ᠃      2023 ᠣᠨ ᠠᠴᠠ ᠨᠠᠭᠠᠰᠢ᠂ ᠷᠠᠰᠢᠶᠠᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠲᠤᠰᠬᠠᠢ ᠰᠡᠳᠦᠪᠲᠦ ᠲᠠᠶᠢᠯᠤᠮᠵᠢ ᠶᠢ 15 ᠤᠳᠠᠭ᠎ᠠ ᠥᠷᠨᠢᠭᠦᠯᠵᠦ᠂ 700 ᠭᠠᠷᠤᠢ ᠬᠥᠮᠦᠨ ᠳᠤ ᠠᠰᠢᠭ ᠬᠦᠷᠲᠡᠭᠡᠵᠡᠢ᠃ ᠡᠭᠦᠨ ᠤ ᠬᠠᠮᠲᠤ ᠬᠠᠷᠢᠶᠠᠲᠤ ᠣᠷᠣᠨ ᠤ ᠨᠠᠰᠤᠲᠠᠶᠢᠴᠤᠳ᠂ ᠨᠡᠭᠦᠳᠡᠯ ᠬᠥᠮᠦᠨ ᠠᠮᠠ᠂ ᠠᠵᠢᠯ ᠥᠬᠡᠶ ᠬᠥᠮᠦᠨ ᠵᠡᠷᠭᠡ ᠠᠮᠠᠷᠬᠠᠨ ᠮᠡᠬᠡᠯᠡᠭᠳᠡᠬᠦ ᠬᠥᠮᠦᠰ ᠲᠤ ᠭᠤᠤᠯᠳᠠᠯᠭ᠎ᠠ ᠲᠠᠢ ᠴᠢᠭᠯᠡᠭᠦᠯᠬᠦ ᠴᠢᠨᠠᠷᠲᠠᠶ ᠤᠬᠠᠭᠤᠯᠭ᠎ᠠ ᠶᠢ ᠥᠷᠨᠢᠭᠦᠯᠵᠠᠢ᠃      ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ᠤᠨᠴᠠᠯᠢᠬᠳᠤ ᠤᠬᠠᠭᠤᠯᠭ᠎ᠠ ᠶᠢᠨ ᠵᠠᠭᠪᠤᠷ ᠢ ᠢᠳᠡᠪᠬᠢᠲᠡᠢ ᠰᠢᠨᠡᠴᠢᠯᠡᠵᠦ᠂ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ ︽ᠮᠡᠭᠡᠯᠡᠯ ᠢ ᠡᠰᠡᠷᠭᠦᠴᠡᠬᠦ ᠬᠢᠴᠢᠶᠡᠯ ᠤᠨ ᠳᠠᠩᠬᠢᠮ︾   ᠤᠨ ᠠᠵᠢᠯᠯᠠᠭ᠎ᠠ ᠥᠷᠨᠢᠭᠦᠯᠵᠦ᠂ ᠮᠡᠳᠡᠯᠭᠡ ᠶᠢᠨ ᠤᠷᠤᠯᠳᠤᠭᠠᠨ᠂ ᠮᠡᠭᠡᠯᠡᠯ ᠢ ᠡᠰᠡᠷᠭᠦᠴᠡᠬᠦ ᠳᠤᠷ᠎ᠠ ᠰᠣᠨᠢᠷᠬᠠᠯᠳᠦ ᠠᠵᠢᠯᠯᠠᠭ᠎ᠠ ᠵᠡᠷᠭᠡ ᠬᠡᠯᠪᠡᠷᠢ ᠪᠠᠷ ᠰᠤᠷᠤᠭᠴᠢᠳ ᠤᠨ ᠮᠡᠭᠡᠯᠡᠯ ᠢ ᠲᠠᠨᠢᠵᠤ ᠮᠡᠭᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠡᠮᠡᠭᠳᠡᠬᠦᠯᠪᠡ︔ ︽ᠠᠬᠤᠶ ᠪᠠᠶᠢᠳᠠᠯ ᠤᠨ ᠰᠤᠷᠢᠯᠳᠠ ᠪᠤᠯᠪᠠᠰᠤᠷᠠᠯ︾ ᠢᠶᠠᠷ ᠳᠠᠮᠵᠢᠭᠤᠯᠤᠨ ᠨᠠᠰᠤᠲᠠᠶᠢᠴᠤᠳ ᠲᠤ ᠨᠡᠶᠢᠳᠡᠮ ᠭᠡᠷᠡᠭᠯᠡᠬᠦ ᠮᠡᠬᠡᠯᠡᠯ ᠤᠨ ᠠᠷᠭ᠎ᠠ ᠵᠠᠮ᠂ ︽ᠤᠨᠠᠭᠤᠯᠢ︾ ᠵᠡᠷᠭᠡ ᠶᠢ ᠤᠶᠢᠯᠠᠭᠠᠭᠤᠯᠵᠦ᠂ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠳᠤᠰ ᠳᠤᠪᠴᠢᠶ᠎ᠠ ᠠᠳᠠᠯᠢ ᠪᠤᠰᠦ ᠨᠠᠰᠤᠨ ᠤ ᠰᠠᠭᠤᠭᠠᠯᠢ ᠠᠷᠠᠳ᠂ ᠪᠦᠯᠬᠦᠮ ᠨᠡᠶᠢᠳᠡ ᠶᠢᠨ ᠪᠠᠶᠢᠳᠡᠯ ᠳᠤᠨᠢ ᠳᠤᠬᠢᠷᠠᠭᠤᠯᠤᠨ᠂ ᠤᠯᠠᠨ ᠭᠡᠯᠪᠡᠷᠢ ᠶᠢᠨ ᠤᠨᠴᠠᠯᠢᠬᠳᠦ ᠤᠬᠠᠭᠤᠯᠭ᠎ᠠ ᠶᠢᠨ ᠠᠷᠭ᠎ᠠ ᠠᠪᠴᠠᠯ ᠢ ᠠᠪᠴᠦ᠂ ᠬᠦᠮᠦᠰ ᠤᠨ ᠨᠠᠩ ᠠᠮᠠᠷᠬᠠᠨ ᠢᠶᠠᠷ ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ ᠮᠡᠭᠡᠯᠡᠯ ᠢ ᠤᠶᠢᠯᠠᠭᠠᠵᠦ ᠰᠡᠷᠭᠡᠶᠢᠯᠡᠬᠦ ᠶᠢ ᠠᠬᠢᠭᠤᠯᠵᠦ ᠪᠠᠶᠢᠭ᠎ᠠ ᠶᠤᠮ᠃      ︽ᠲᠠ ᠰᠠᠶᠢᠨ ᠤᠤ᠂ ᠪᠢ ᠪᠣᠯ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠤᠨ ᠴᠠᠭᠳᠠᠭ᠎ᠠ ᠮᠥᠨ᠂ ᠲᠠ ᠣᠲᠣ ᠶᠠᠭ ᠴᠠᠬᠢᠯᠭᠠᠨ ᠬᠤᠯᠪᠣᠭ᠎ᠠ ᠲᠤᠤᠷ ᠰᠦᠯᠵᠢᠶᠡᠨ ᠤ ᠮᠡᠬᠡᠯᠡᠯ ᠳᠤ ᠤᠴᠠᠷᠠᠵᠤ ᠪᠠᠶᠢᠬᠤ ᠰᠡᠵᠢᠭᠯᠡᠯᠳᠠᠢ᠂ ᠲᠠᠨᠢᠯ ᠪᠤᠰᠤ ᠬᠥᠮᠦᠨ ᠤ ᠤᠲᠠᠰᠤ ᠪᠠᠷ ᠬᠡᠯᠡᠭᠰᠡᠨ ᠦᠭᠡ ᠶᠢ ᠪᠢᠲᠡᠭᠡᠶ ᠢᠲᠡᠭᠡᠭᠡᠷᠡᠶ᠂ ᠲᠠᠨᠢᠯ ᠪᠤᠰᠤ ᠬᠥᠮᠦᠨ ᠳᠤ ᠲᠠᠩᠰᠠ ᠰᠢᠯᠵᠢᠭᠦᠯᠵᠦ᠂ ᠵᠣᠭᠤᠰ ᠭᠤᠪᠢᠭᠤᠯᠵᠤ ᠪᠣᠯᠬᠤ ᠥᠬᠡᠶ ᠁︾ ᠭᠡᠵᠦ ᠠᠷᠠᠳ ᠤᠨ ᠴᠠᠬᠳᠠᠭ᠎ᠠ ᠰᠦᠯᠵᠢᠶᠡᠨ ᠰᠢᠰᠲ᠋ᠧᠮ ᠢᠶᠠᠷ ᠳᠠᠮᠵᠢᠨ ᠬᠢᠨᠠᠨ ᠪᠠᠶᠢᠴᠠᠭᠠᠵᠦ ᠤᠯᠤᠬᠰᠠᠨ ᠮᠡᠳᠡᠭᠡ ᠵᠠᠩᠬᠢ ᠪᠠᠨ ᠠᠰᠢᠬᠯᠠᠨ ᠮᠡᠭᠡᠯᠡᠯ ᠳᠤ ᠤᠴᠠᠷᠠᠬᠤ ᠮᠡᠳᠡᠬᠦ ᠬᠦᠮᠦᠰ ᠢ ᠴᠠᠭ ᠲᠤᠬᠠᠶ ᠳᠤᠨᠢ ᠢᠳᠬᠠᠨ ᠬᠤᠷᠢᠭᠯᠠᠨ᠎ᠠ᠃ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ︽ᠰᠦᠯᠵᠢᠶᠡᠨ ᠰᠢᠰᠲ᠋ᠧᠮ ᠢᠶᠠᠷ ᠴᠠᠬ ᠲᠤᠨᠢ ᠬᠢᠨᠠᠨ ᠪᠠᠶᠢᠴᠠᠭᠠᠬᠤ ᠪᠠ ᠰᠦᠯᠵᠢᠶᠡᠨ ᠭᠠᠳᠠᠨᠠᠬᠢ ᠴᠠᠭ ᠲᠤᠬᠠᠶ ᠳᠤᠨᠢ ᠢᠳᠬᠠᠨ ᠬᠤᠷᠢᠭᠯᠠᠬᠤ︾ ᠶᠢ ᠤᠶᠠᠯᠳᠤᠭᠤᠯᠤᠨ᠂ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠬᠦᠯᠦᠭᠰᠡᠨ ᠪᠠᠶᠢᠨ᠎ᠠ᠃      2023 ᠣᠨ ᠠᠴᠠ ᠨᠠᠭᠠᠰᠢ᠂ ᠷᠠᠰᠢᠶᠠᠨ ᠬᠤᠲᠠ ᠶᠢᠨ ᠴᠠᠬᠢᠯᠭᠠᠨ ᠬᠤᠯᠪᠤᠭ᠎ᠠ ᠳᠤᠤᠷ ᠰᠦᠯᠵᠢᠶᠡᠨ ᠤ ᠮᠡᠬᠡᠯᠡᠯ ᠤᠨ ᠬᠡᠷᠡᠭ ᠭᠠᠷᠤᠭᠰᠠᠨ ᠨᠣᠷᠮ᠎ᠠ ᠪᠠ ᠬᠡᠷᠡᠭ ᠲᠤ ᠬᠤᠯᠪᠣᠭᠳᠠᠭᠰᠠᠨ ᠠᠵᠤ ᠠᠬᠤᠶ ᠶᠢᠨ ᠬᠤᠬᠢᠷᠠᠯ ᠴᠥᠮ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠣᠯᠠᠨ ᠲᠦᠮᠡᠨ ᠤ ᠠᠵᠦ ᠠᠬᠤᠢ ᠶᠢᠨ ᠬᠤᠬᠢᠷᠠᠯ ᠢ ᠨᠡᠶᠢᠳᠡ 137940 ᠲᠥᠭᠦᠷᠢᠭ ᠡᠭᠡᠭᠦᠯᠦᠨ ᠠᠪᠴᠢᠷᠠᠭᠰᠠᠨ ᠪᠠᠶᠢᠨ᠎ᠠ᠃ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠴᠠᠬᠢᠯᠭᠠᠨ ᠬᠤᠯᠪᠣᠭ᠎ᠠ ᠳᠤᠤᠷ ᠰᠦᠯᠵᠢᠶ᠎ᠡ ᠶᠢᠨ ᠮᠡᠭᠡᠯᠡᠯ ᠤᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠶᠢᠨ ᠵᠡᠷᠭᠡᠪᠡᠷ ᠪᠠᠰᠠ ᠮᠡᠭᠡᠯᠡᠯ ᠢ ᠡᠰᠡᠷᠭᠦᠴᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠣᠯᠠᠨ ᠲᠦᠮᠡᠨ ᠤ ︽ᠢᠯᠭᠠᠨ ᠲᠠᠨᠢᠬᠤ ᠴᠢᠳᠠᠪᠤᠷᠢ︾ ᠶᠢ ᠦᠨᠡᠨ ᠬᠦ ᠲᠡᠭᠡᠭᠰᠢᠯᠠᠭᠦᠯᠵᠥ᠂ ︽ᠮᠡᠭᠡᠯᠡᠯ ᠢ ᠰᠡᠷᠭᠡᠶᠢᠯᠡᠬᠦ ᠱᠤᠭᠤᠮ︾ ᠢ ᠪᠠᠲᠤ ᠴᠣᠭᠴᠠᠯᠠᠭᠰᠠᠨ ᠪᠠᠶᠢᠨ᠎ᠠ᠃  ︵ᡁᠢ ᠮᠢᠨ ᠼᠠᠢ ᡁᠢ ᠰᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号