ᠲᠢᠶᠠᠨ ᡂᠢ ᠪᠠᠯᠭᠠᠰᠤ ᠲᠠᠪᠤᠨ ᠰᠠᠷ᠎ᠠ ᠶᠢᠨ ᠨᠢᠭᠡᠨ ᠤ ᠠᠮᠠᠷᠡᠯᠳᠡ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠲᠣᠬᠠᠢ ᠪᠣᠯᠪᠠᠰᠤᠷᠠᠯ ᠤᠨ ᠬᠤᠷᠠᠯ ᠬᠤᠷᠡᠯᠳᠣᠭᠤᠯᠵᠡᠢ
ᠨᠡᠶᠢᠲᠡᠯᠡᠭᠰᠡᠨ ᠴᠠᠭ᠄
2024/4/28
      ᠭᠠᠯ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠡᠯ᠎ᠡ ᠲᠣᠰᠬᠤᠨ ᠤ ᠭᠠᠯ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 25  ᠤ ᠡᠳᠦᠷ᠂  ᠷᠡᠰᠢᠶᠠᠨ ᠬᠤᠳᠡ ᠶᠢᠨ ᠲᠢᠶᠠᠨ ‍ᠣᠣᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠭᠠᠯ ᠰᠠᠷᠭᠡᠶᠢᠯᠡᠨ ᠤᠨᠲᠠᠷᠠᠭᠠᠬᠤ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠪᠦᠬᠦ ᠪᠠᠯᠭᠠᠰᠤᠨ ᠤ ᠺᠠᠳ᠋ᠷ ᠵᠢᠴᠢ ᠬᠡᠰᠡᠭ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠪᠣᠳᠠᠲᠠᠢ ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠬᠦ ᠪᠠ ᠣᠨᠣᠯ ᠤᠨ ᠲᠠᠶᠢᠯᠤᠮᠵᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠭᠤᠣᠯᠳᠠᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠬᠤ ᠶᠢᠨ ᠬᠠᠮᠲᠤ ᠦᠷᠭᠦᠯᠵᠢ ᠲᠣᠬᠢᠶᠠᠯᠳᠤᠳᠠᠭ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠵᠢᠷᠤᠮᠵᠢᠭᠰᠠᠨ ᠪᠠᠶᠢᠴᠠᠭᠠᠯᠲᠠ ᠶᠢᠨ ᠠᠷᠭ᠎ᠠ ᠮᠠᠶ᠋ᠢᠭ ᠲᠤ ᠵᠢᠭᠠᠨ ᠰᠤᠷᠭᠠᠯᠲᠠ ᠬᠢᠭᠰᠡᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠠᠯᠭᠠᠰᠤᠨ ᠤ ᠬᠡᠪᠴᠢᠶᠡᠨ ᠳᠠᠬᠢ ᠡᠯ᠎ᠡ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ ᠶᠢᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠤ ᠭᠠᠯ ᠤᠨ ᠠᠶᠣᠯ ᠤᠨ ᠳᠠᠯᠳᠠ ᠭᠡᠮ ᠢ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠴᠢᠳᠠᠪᠤᠷᠢ᠂ ᠭᠠᠯ ᠤᠨᠲᠠᠷᠠᠭᠠᠬᠤ ᠡᠬᠢᠨ ᠤ ᠬᠤᠭᠤᠴᠠᠭᠠᠨ ᠤ ᠭᠠᠯ ᠤᠨ ᠠᠶᠣᠯ ᠢ ᠤᠨᠲᠠᠷᠠᠭᠠᠬᠤ ᠴᠢᠳᠠᠪᠤᠷᠢ᠂ ᠬᠥᠮᠥᠰ ᠢ ᠵᠣᠬᠢᠶᠠᠨ ᠪᠠᠶᠢᠭᠤᠯᠤᠨ ᠲᠠᠶᠢᠴᠢᠯᠡᠨ ᠵᠢᠯᠤᠭᠤᠳᠴᠤ ᠠᠮᠢ ᠵᠢᠭᠤᠲᠠᠬᠤ ᠴᠢᠳᠠᠪᠤᠷᠢ᠂ ᠥᠪᠡᠷ ᠢ ᠪᠠᠨ ᠤᠬᠠᠭᠤᠯᠤᠨ ᠬᠥᠮᠥᠵᠢᠭᠦᠯᠵᠦ ᠪᠣᠯᠪᠠᠰᠤᠷᠠᠭᠤᠯᠬᠤ ᠴᠢᠳᠠᠪᠤᠷᠢ  ᠶᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠮᠠᠨ ᠤ ᠪᠠᠯᠭᠠᠰᠤᠨ ᠤ ᠭᠠᠯ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠂ ᠲᠢᠶᠠᠨ ᡂᠢ ᠪᠠᠯᠭᠠᠰᠤᠨ ᠤ ᠡᠯ᠎ᠡ ᠲᠣᠰᠬᠤᠨ ︵ᠨᠡᠶᠢᠭᠡᠮ ᠲᠣᠭᠤᠷᠢᠭ︶᠂ ᠡᠯ᠎ᠡ ᠠᠵᠤ ᠠᠬᠤᠶᠢᠯᠠᠯ ᠤᠨ ᠠᠮᠤᠷ ᠲᠦᠪᠰᠢᠨ ᠢᠶᠠᠷ ᠬᠥᠭᠵᠢᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃      ᠬᠤᠷᠠᠯ ᠠᠴᠠ᠂ ᠨᠢᠭᠡ ᠳᠤ ᠰᠡᠳᠬᠢᠯ ᠲᠠᠯᠪᠢᠵᠤ᠂ ᠪᠠᠶᠢᠴᠠᠭᠠᠬᠤ ᠶᠢ ᠪᠣᠳᠣᠯᠬᠢᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠰᠤᠷᠭᠠᠮᠵᠢ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠴᠠᠭ ᠢᠮᠠᠭᠲᠠ ︽ᠦᠵᠡᠯ ᠰᠠᠨᠠᠭᠠᠨ ᠤ ᠬᠥᠪᠴᠢ︾ ᠪᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠰᠡᠳᠬᠢᠯ ᠲᠠᠯᠪᠢᠵᠤ ᠪᠠᠶᠢᠴᠠᠭᠠᠵᠤ ᠴᠢᠳᠠᠬᠤ ᠬᠡᠷᠡᠭᠲᠡᠢ᠃ ᠠᠵᠢᠯ ᠲᠥᠷᠥᠯ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠶᠤᠯᠬᠦᠢ ᠦᠢᠯᠡᠳᠪᠦᠷᠢᠯᠡᠯ   ᠤᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠶᠤᠯᠬᠦᠢ ᠦᠢᠯᠡᠳᠪᠦᠷᠢᠯᠡᠯ ᠤᠨ ᠲᠥᠰᠥᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠠᠰᠤᠷᠠᠯᠳᠠ ᠦᠭᠡᠢ ᠨᠠᠷᠢᠯᠢᠭᠵᠢᠭᠤᠯᠤᠨ᠂ ᠪᠠᠴᠢᠮ ᠪᠠᠶᠢᠳᠠᠯ   ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠬᠦ ᠶᠢᠨ ᠵᠡᠷᠭᠡᠴᠡᠪᠡᠷ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠭᠠᠯ ᠰᠠᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠ ᠥᠪᠡᠷ   ᠢ  ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠨᠠᠷᠢᠨ ᠨᠢᠮᠪᠠᠢ᠂ ᠪᠦᠬᠦᠨ ᠢ ᠪᠠᠶᠢᠴᠠᠭᠠᠬᠤ ᠬᠡᠷᠡᠭᠲᠡᠢ᠃ ᠭᠤᠣᠯᠳᠠᠯᠭ᠎ᠠ ᠶᠢ ᠴᠢᠩᠭ᠎ᠠ ᠠᠩᠬᠠᠷᠴᠤ᠂ ᠡᠬᠢ ᠡᠭᠦᠰᠦᠯ ᠠᠴᠠ ᠨᠢ ᠰᠡᠷᠭᠡᠶᠢᠯᠡᠵᠦ᠂ ︽ᠪᠠᠶᠢᠴᠠᠭᠠᠬᠤ ᠶᠢᠨ ᠳᠠᠭᠠᠤ ᠪᠣᠯᠪᠠᠰᠤᠷᠠᠬᠤ᠂ ᠪᠣᠯᠪᠠᠰᠤᠷᠠᠬᠤ ᠶᠢᠨ ᠳᠠᠭᠠᠤ ᠵᠢᠯᠤᠭᠤᠳᠬᠤ︾ ᠠᠷᠭ᠎ᠠ ᠮᠠᠶ᠋ᠢᠭ ᠢ ᠠᠪᠴᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠬᠥᠮᠥᠨ ᠤᠯᠠᠨ ᠬᠤᠷᠠᠵᠤ ᠴᠤᠭᠯᠠᠷᠠᠬᠤ ᠭᠠᠵᠠᠷ ᠲᠠᠯᠠᠪᠤᠷ᠂ ︽ᠶᠢᠰᠦᠨ ᠵᠢᠵᠢᠭ ︾ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠯ ᠰᠠᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠯᠳᠠ ᠭᠡᠮ ᠢ ᠠᠷᠢᠯᠭᠠᠨ᠂ ᠭᠠᠯ ᠰᠠᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠳᠥᠷᠪᠡ ᠳᠤ᠂ ᠰᠢᠨ᠎ᠡ ᠪᠠᠷ ᠴᠢᠷᠮᠠᠶᠢᠵᠤ᠂ ᠲᠠᠰᠤᠷᠠᠯᠲᠠ ᠦᠭᠡᠢ ᠪᠠᠶᠢᠴᠠᠭᠠᠬᠤ ᠬᠡᠷᠡᠭᠲᠡᠢ᠃ ︽ᠠᠮᠤᠷ ᠲᠦᠪᠰᠢᠨ ᠤ ᠪᠠᠶᠢᠴᠠᠭᠠᠯᠲᠠ ᠶᠢ ᠰᠤᠯᠠᠷᠠᠭᠤᠯᠬᠤ ᠦᠭᠡᠢ᠂ ᠳᠠᠯᠳᠠ ᠬᠡᠮ ᠤᠨ ᠠᠰᠠᠭᠤᠳᠠᠯ ᠢ ᠰᠠᠶᠢᠳᠣᠷ ᠰᠢᠢᠳᠪᠣᠷᠢᠯᠡᠬᠦ︾ ᠠᠵᠢᠯ ᠤᠨ ᠣᠨᠣᠯᠵᠢᠬᠤᠨ ᠢᠶᠠᠷ᠂ ᠠᠵᠤ ᠠᠬᠤᠶᠢᠯᠠᠯ ᠤᠨ ᠥᠪᠡᠷ ᠤᠨ ᠪᠠᠶᠢᠴᠠᠭᠠᠯᠲᠠ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠤ ᠱᠠᠯᠠᠪᠳᠡᠭᠤᠯᠣᠨ ᠪᠠᠶᠢᠴᠠᠭᠠᠬᠤ ᠲᠠᠢ ᠤᠶᠠᠯᠳᠤᠭᠤᠯᠵᠣ᠂ ᠪᠥᠬᠦ ᠲᠠᠯ᠎ᠠ ᠪᠠᠷ ᠣᠯᠠᠨ ᠲᠠᠯ᠎ᠠ ᠠᠴᠠ ᠪᠠᠯᠭᠠᠰᠤᠨ ᠤ ᠬᠡᠪᠴᠢᠶᠡᠨ ᠳᠠᠬᠢ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠲᠤᠪᠠᠷ ᠪᠠᠲᠤᠯᠠᠬᠤ ᠬᠡᠷᠡᠭᠲᠡᠢ ᠭᠡᠵᠣ ᠱᠠᠭᠠᠷᠳᠠᠪᠡ᠃      ᠳᠠᠷᠠᠭᠠᠴᠢ ᠶᠢᠨ ᠠᠯᠬᠤᠮ ᠳᠤ᠂ ᠲᠢᠶᠠᠨ ᡂᠢ ᠪᠠᠯᠭᠠᠰᠤ ᠶᠢᠨ ᠬᠢᠨ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ︽5 · 1︾  ᠤ ᠠᠮᠠᠷᠡᠯᠳᠡ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠲᠠᠢ ᠤᠶᠠᠯᠳᠤᠭᠤᠯᠵᠤ᠂ ᠪᠠᠯᠭᠠᠰᠤᠨ ᠬᠡᠪᠴᠢᠶᠡᠨ ᠳᠠᠬᠢ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃  
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠰᠢᠳᠢᠲᠦ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号