ᠬᠢᠯᠢ ᠵᠨ ᠪᠣᠭᠤᠮᠳᠡ ᠪᠠᠷ ᠣᠷᠣᠵᠣ ᠭᠠᠷᠬᠤ ᠦᠨᠡᠮᠯᠠᠯ ᠢ ᠬᠦᠢᠴᠡᠳᠭᠡᠬᠦ ᠣᠶᠢᠯᠡᠴᠢᠯᠡᠭᠡ ᠶᠢ ᠰᠠᠶᠢᠳᠣᠷ ᠬᠠᠩᠭᠠᠵᠣ ᠪᠠᠶᠢᠭ᠎ᠠ ᠷᠡᠰᠢᠶᠠᠨ ᠬᠤᠳᠡ
ᠨᠡᠶᠢᠲᠡᠯᠡᠭᠰᠡᠨ ᠴᠠᠭ᠄
2024/4/29
     ᠵᠢᠯ ᠤᠨ ᠡᠬᠢᠨ ᠠᠴᠠ ᠨᠠᠭᠠᠰᠢ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠤᠳᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠶᠠᠪᠤᠯᠴᠠᠭ᠎ᠠ ᠳᠤ ᠳᠥᠭᠦᠮ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ ᠤᠯᠤᠰ ᠪᠤᠯᠤᠨ ᠮᠣᠩᠭᠤᠯ ᠤᠯᠤᠰ ᠤᠨ ᠬᠤᠭᠤᠷᠤᠨᠳᠤᠬᠢ ᠬᠢᠯᠢ ᠪᠠᠷ ᠣᠷᠣᠵᠤ ᠭᠠᠷᠬᠤ ᠦᠨᠡᠮᠯᠡᠯ ᠢ ᠭᠦᠢᠴᠡᠳᠭᠡᠬᠦ ᠦᠢᠯᠡᠴᠢᠯᠡᠭᠡᠨ ᠤ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠢᠯᠢ ᠪᠠᠷ ᠣᠷᠣᠵᠤ ᠭᠠᠷᠬᠤ ᠦᠨᠡᠮᠯᠡᠯ ᠢ ᠭᠦᠢᠴᠡᠳᠭᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠡᠩᠨᠡᠭᠡᠨ ᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠤᠷᠢᠳᠴᠢᠯᠠᠨ ᠲᠥᠯᠥᠪᠯᠡᠵᠦ᠂ ᠳᠤᠮᠳᠠᠳᠤ ᠤᠯᠤᠰ ᠪᠤᠯᠤᠨ ᠮᠣᠩᠭᠤᠯ ‍ᠤᠮᠤᠰ ᠤᠨ ᠬᠤᠭᠤᠷᠤᠨᠳᠤᠬᠢ ᠬᠢᠯᠢ ᠪᠠᠷ ᠣᠷᠣᠵᠤ ᠭᠠᠷᠬᠤ ᠦᠨᠡᠮᠯᠡᠯ ᠢ ᠭᠦᠢᠴᠡᠳᠭᠡᠬᠦ ᠴᠣᠩᠬᠤᠪᠴᠢ ᠶᠢᠨ ᠬᠦᠯᠢᠶᠡᠨ ᠠᠪᠤᠭᠰᠠᠨ ᠬᠡᠮᠵᠢᠶ᠎ᠡ ᠳᠤ ᠪᠦᠬᠦ ᠲᠠᠯ᠎ᠠ ᠶᠢᠨ ᠦᠨᠡᠯᠡᠨ ᠵᠢᠱᠢᠯᠲᠡ ᠬᠢᠵᠦ᠂ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠲᠥᠯᠥᠪᠯᠡᠨ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠡᠮᠬᠢ ᠳᠢᠭᠯᠢᠮ ᠢ ᠬᠠᠮᠠᠭᠠᠯᠠᠬᠤ᠂ ᠠᠰᠠᠭᠤᠨ ᠯᠠᠪᠯᠠᠵᠤ ᠬᠠᠷᠢᠭᠤᠯᠲᠠ ᠥᠭᠬᠦ᠂ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠳᠤ ᠭᠤᠤᠯᠳᠠᠯᠭ᠎ᠠ ᠲᠠᠢ ᠰᠢᠰᠲ᠋ᠧᠮ ᠲᠠᠢ ᠲᠥᠯᠥᠪᠵᠢᠭᠦᠯᠭᠡ ᠬᠢᠵᠦ᠂ ︽ᠤᠯᠠᠨ ᠲᠦᠮᠡᠨ ᠬᠦᠷᠴᠦ ᠢᠷᠡᠪᠡᠯ ᠤᠭᠲᠤᠬᠤ ᠲᠠᠭᠤᠨ ᠲᠠᠢ᠂ ᠠᠰᠠᠭᠤᠪᠠᠯ ᠬᠠᠷᠢᠭᠤᠯᠬᠤ ᠲᠠᠭᠤᠨ ᠲᠠᠢ᠂ ᠶᠠᠪᠤᠪᠠᠯ ᠬᠦᠷᠭᠡᠬᠦ ᠲᠠᠭᠤᠨ ᠲᠠᠢ᠂ ᠲᠠᠯᠠᠷᠬᠠᠪᠠᠯ ᠬᠠᠷᠢᠭᠤᠯᠬᠤ ᠲᠠᠭᠤᠨ ᠲᠠᠢ︾ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠴᠠᠭ ᠢ ᠤᠷᠲᠤᠳᠬᠠᠨ ᠦᠢᠯᠡᠴᠢᠯᠡᠵᠦ᠂ ᠬᠠᠮᠤᠭ ᠠᠷᠪᠢᠨ ᠳᠠᠭᠠᠨ ᠨᠢᠭᠡ ᠯᠠ ᠤᠳᠠᠭ᠎ᠠ ᠭᠦᠶᠦᠯᠭᠡᠨ᠎ᠠ᠃ ︽ᠡᠳᠦᠷ ᠤᠨ ᠶᠠᠪᠤᠳᠠᠯ ᠢ ᠡᠳᠦᠷ ᠲᠤ ᠪᠠᠨ ᠳᠠᠭᠤᠰᠬᠠᠬᠤ︾ ᠠᠵᠢᠯ ᠤᠨ ᠰᠤᠷᠲᠠᠯ ᠢ ᠴᠢᠩᠭ᠎ᠠ ᠨᠠᠶᠢᠳᠠᠪᠤᠷᠢᠵᠢᠭᠤᠯᠵᠤ᠂ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠣᠯᠤᠨ ᠲᠤᠰᠠᠯᠠᠬᠴᠢ ᠴᠠᠭᠳᠠᠭ᠎ᠠ ᠤᠷᠢᠳᠴᠢᠯᠠᠨ ᠠᠵᠢᠯ ᠳᠤ ᠭᠠᠷᠴᠤ᠂ ᠴᠠᠭ ᠢ ᠤᠷᠲᠤᠳᠬᠠᠬᠤ ᠦᠢᠯᠡᠴᠢᠯᠡᠭᠡ ᠬᠠᠨᠭ᠍ᠭᠠᠵᠦ᠂ ︽ᠥᠨᠥᠳᠦᠷ ᠲᠡᠭᠡᠨ ᠬᠦᠯᠢᠶᠡᠨ ᠠᠪᠴᠤ ᠰᠢᠢᠳᠪᠦᠷᠢᠯᠡᠵᠦ᠂ ᠦᠨᠦᠳᠦᠷ ᠲᠡᠭᠡᠨ ᠳᠤᠭ᠎ᠠ ᠪᠠᠷᠢᠮᠳᠠ ᠶᠢ ᠳᠡᠭᠡᠭᠰᠢ ᠳᠠᠮᠵᠢᠭᠤᠯᠬᠤ︾ ᠵᠠᠷᠴᠢᠮ ᠢ ᠪᠠᠷᠢᠮᠲᠠᠯᠠᠨ᠂ ᠤᠯᠠᠨ ᠲᠦᠮᠡᠨ ᠢ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠬᠡᠭᠦ︾ ᠶᠢ ᠪᠠᠲᠤᠯᠠᠵᠤ᠂ ᠰᠢᠯᠢᠳᠡᠭ ᠦᠢᠯᠡᠴᠢᠯᠡᠭᠡ ᠪᠠᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃      ᠶᠠᠪᠤᠴᠠ ᠶᠢ ᠰᠢᠯᠢᠳᠡᠭᠵᠢᠭᠦᠯᠵᠦ᠂ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠡᠮᠯᠡᠯ ᠭᠦᠢᠴᠡᠳᠭᠡᠬᠦ ᠠᠷᠭ᠎ᠠ ᠵᠠᠮ᠂ ᠠᠷᠭ᠎ᠠ ᠪᠠᠷᠢᠯ ᠵᠢᠴᠢ ᠦᠨᠡᠮᠯᠡᠯ ᠭᠦᠢᠴᠡᠳᠭᠡᠬᠦ ᠴᠣᠩᠬᠤᠪᠴᠢ ᠶᠢᠨ ᠠᠰᠠᠭᠤᠨ ᠯᠠᠪᠯᠠᠬᠤ ᠳ᠋ᠢᠶᠠᠩᠬᠤᠸᠠ ᠵᠡᠷᠭᠡ ᠶᠢ ᠣᠯᠠᠨ ᠠᠷᠭ᠎ᠠ ᠵᠠᠮ ᠢᠶᠠᠷ ᠨᠡᠶᠢᠲᠡᠯᠡᠬᠦ ᠪᠠᠷ ᠳᠠᠮᠵᠢᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠶᠢᠷ᠎ᠠ ᠬᠠᠪᠢ ᠳᠤ ᠪᠠᠨ ᠭᠦᠢᠴᠡᠳᠭᠡᠬᠦ᠂ ᠦᠨᠡᠮᠯᠡᠯ ᠭᠦᠢᠴᠡᠳᠭᠡᠬᠦ ᠣᠷᠭᠢᠯ ᠤᠨ ᠬᠤᠭᠤᠴᠠᠭᠠᠨ ᠳᠤ ᠭᠥᠯᠢᠶᠡᠨ ᠠᠪᠴᠤ ᠰᠢᠢᠳᠪᠦᠷᠢᠯᠡᠵᠦ ᠳᠡᠶᠢᠯᠬᠦ ᠶᠢ ᠪᠠᠳᠤᠯᠠᠬᠤ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠠᠢ︔ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠦᠨ ᠠᠷᠠᠳ ᠤᠨ ᠬᠦᠴᠢᠷ ᠵᠣᠪᠠᠭᠤᠷᠢ ᠶᠢ ᠠᠷᠢᠯᠭᠠᠵᠤ᠂ ᠨᠠᠰᠤᠳᠠᠨ ᠵᠢᠴᠢ ᠵᠡᠮᠳᠡᠭ ᠪᠠᠭᠤᠷᠠᠢ ᠡᠪᠡᠳᠴᠢᠨ ᠡᠮᠭᠡᠭ ᠲᠠᠢ ᠬᠥᠮᠦᠰ ᠲᠤ ᠲᠤᠰᠬᠠᠶ ᠬᠥᠮᠦᠨ ᠲᠤᠰᠬᠠᠶᠢᠯᠠᠨ ᠭᠦᠢᠴᠡᠳᠭᠡᠨ ᠦᠭᠴᠦ᠂ ᠪᠠᠴᠢᠮ ᠴᠢᠬᠤᠯᠠ ᠪᠥᠬᠦᠶ ᠤᠴᠢᠷ ᠰᠢᠯᠲᠠᠭᠠᠨ ᠠᠴᠠ ᠪᠣᠯᠵᠣ ᠪᠠᠴᠢᠮ ᠬᠡᠷᠡᠭᠴᠡᠭᠡ ᠲᠠᠢ ᠬᠢᠯᠢ ᠪᠠᠷ ᠤᠷᠤᠵᠦ ᠭᠠᠷᠬᠤ ᠬᠥᠮᠦᠰ ᠲᠤ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠦᠨ ᠥᠭᠴᠦ᠂ ᠬᠢᠯᠢ ᠪᠠᠷ ᠣᠷᠣᠵᠤ ᠭᠠᠷᠬᠤ ᠦᠢᠯᠡᠴᠢᠯᠡᠭᠡᠨ ᠤ ᠬᠠᠮᠢᠶᠠᠷᠤᠯᠲᠠ ᠶᠢ ᠨᠠᠷᠢᠯᠢᠬᠵᠢᠭᠤᠯᠤᠨ ᠲᠥᠬᠦᠮ ᠦᠵᠡᠭᠦᠯᠪᠡ︔ ᠬᠦᠯᠢᠶᠡᠯᠡᠯᠳᠠ ᠶᠢᠨ ᠭᠠᠵᠠᠷ᠂ ᠭᠥᠯᠢᠶᠡᠨ ᠠᠪᠴᠤ ᠰᠢᠢᠳᠪᠦᠷᠢᠯᠡᠬᠦ ᠭᠠᠵᠠᠷ ᠢ ᠵᠦᠶ ᠵᠣᠬᠢᠰᠲᠠᠶ ᠬᠤᠪᠢᠶᠠᠷᠢᠯᠠᠬᠤ ᠶᠢᠨ ᠬᠠᠮᠲᠤ᠂ ᠬᠦᠢᠴᠡᠳᠭᠡᠭᠴᠢ ᠳᠤ ᠤᠮᠳᠠᠭᠠᠨ᠂ ᠨᠢᠳᠤᠨ ᠰᠢᠯ᠂ ᠪᠠᠴᠢᠮ ᠠᠪᠤᠷᠠᠯᠳᠠ ᠶᠢᠨ ᠪᠣᠭᠴᠣ ᠵᠡᠷᠭᠡ ᠡᠳ᠋ ᠪᠣᠳᠠᠰ ᠢ ᠦᠨ᠎ᠡ ᠲᠥᠯᠥᠪᠦᠷᠢ ᠥᠬᠡᠶ ᠪᠠᠷ ᠬᠠᠩᠭᠠᠵᠦ ᠦᠭᠪᠡ᠃ ᠵᠢᠯ ᠤᠨ ᠡᠬᠢᠨ ᠠᠴᠠ ᠨᠠᠭᠠᠰᠢ᠂ ᠳᠤᠮᠳᠠᠳᠤ ᠤᠯᠤᠰ ᠪᠤᠯᠤᠨ ᠮᠣᠩᠭᠤᠯ ᠣᠯᠣᠰ ᠤᠨ ᠬᠤᠭᠤᠷᠤᠨᠳᠤᠬᠢ ᠬᠢᠯᠢ ᠪᠠᠷ ᠣᠷᠣᠵᠤ ᠭᠠᠷᠬᠤ ᠦᠨᠡᠮᠯᠡᠯ ᠢ ᠨᠡᠶᠢᠲᠡ 2167 ᠭᠦᠢᠴᠡᠳᠭᠡᠵᠦ᠂ ᠡᠭᠦᠨ ᠳᠤ ᠨᠢᠭᠡ ᠯᠠ ᠤᠳᠠᠭ᠎ᠠ ᠭᠡᠷᠡᠭᠯᠡᠬᠦ ᠦᠨᠡᠮᠯᠡᠯ 330᠂ ᠣᠯᠠᠨ ᠤᠳᠠᠭ᠎ᠠ ᠭᠡᠷᠡᠭᠯᠡᠬᠦ ᠦᠨᠡᠮᠯᠡᠯ 1837 ᠪᠣᠶ᠃      ᠳᠠᠷᠠᠭᠠᠴᠢ ᠶᠢᠨ ᠠᠯᠬᠤᠮ ᠳᠤ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠣᠳᠣᠬᠠᠨ ᠤ ᠪᠠᠶᠢᠳᠠᠯ ᠳᠤ ᠴᠢᠭᠯᠡᠭᠦᠯᠦᠨ᠂ ᠣᠯᠠᠨ ᠲᠦᠮᠡᠨ ᠤ ᠬᠦᠴᠢᠷᠳᠡᠵᠦ ᠲᠦᠪᠡᠭᠳᠡᠵᠦ ᠪᠠᠶᠢᠭ᠎ᠠ ᠠᠰᠠᠭᠤᠳᠠᠯ ᠢᠶᠠᠷ ᠭᠠᠷᠳᠠᠴᠠ ᠪᠣᠯᠭᠠᠵᠤ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠶᠢ ᠴᠢᠩᠭᠠᠳᠬᠠᠨ᠂ ᠠᠷᠠᠳ ᠲᠤ ᠲᠥᠬᠦᠮ ᠦᠵᠡᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠦᠢᠯᠡᠴᠢᠯᠡᠭᠡ ᠶᠢ ᠰᠢᠯᠢᠳᠡᠭᠵᠢᠭᠦᠯᠬᠦ᠂ ᠣᠯᠠᠨ ᠲᠦᠮᠡᠨ ᠳᠤ ᠲᠥᠬᠦᠮ ᠦᠵᠡᠭᠦᠯᠬᠦ︾ ᠳᠡᠭᠡᠷ᠎ᠡ ᠬᠦᠴᠦ ᠲᠠᠯᠪᠢᠵᠤ᠂ ᠠᠯᠬᠤᠮ ᠶᠠᠪᠤᠴᠠ ᠶᠢ ᠨᠠᠩ ᠲᠥᠬᠦᠮ ᠪᠣᠯᠭᠠᠬᠤ᠂ ᠠᠵᠢᠯ ᠶᠠᠪᠤᠳᠠᠯ ᠭᠦᠢᠴᠡᠳᠭᠡᠬᠦ ᠳᠤ ᠬᠢᠯᠪᠡᠷ ᠪᠣᠯᠭᠠᠬᠤ᠂ ᠦᠷ᠎ᠡ ᠪᠦᠲᠦᠮᠵᠢ ᠶᠢ ᠨᠠᠩ ᠲᠦᠷᠭᠡᠨ ᠪᠣᠯᠭᠠᠬᠤ ᠂ ᠣᠯᠠᠨ ᠲᠦᠮᠡᠨ ᠳᠤ ᠨᠠᠩ ᠬᠠᠨᠤᠮᠵᠢᠲᠠᠶ ᠴᠢᠨᠠᠷ ᠰᠠᠶᠢᠲᠠᠶ ᠬᠢᠯᠢ ᠪᠠᠷ ᠣᠷᠣᠵᠤ ᠭᠠᠷᠬᠤ ᠦᠨᠡᠮᠯᠡᠯ ᠢ ᠭᠦᠢᠴᠡᠳᠭᠡᠬᠦ ᠴᠣᠩᠬᠤᠪᠴᠢ ᠶᠢ ᠬᠦᠴᠦᠯᠡᠨ ᠪᠣᠶ ᠪᠣᠯᠭᠠᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号