ᠰᠧᠨᠸᠠᠩ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠣ ᠴᠣᠬᠴᠠᠯᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠦᠯᠣᠭᠡ ᠂ 4 ᠰᠠᠷ᠎ᠠ ᠶᠢᠨ 29 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠬᠴᠠᠯᠠᠬᠤ ᠲᠤᠬᠠᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠪᠦᠬᠦ ᠺᠠᠳ᠋ᠷᠴᠤᠳ ᠬᠤᠷᠡᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠡᠭᠡᠷ᠎ᠡ᠂ ᠪᠦᠬᠦ ᠺᠠᠳ᠋ᠷᠴᠤᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠤᠬᠠᠢ ᠴᠢᠬᠤᠯᠠ ᠶᠠᠷᠢᠶ᠎ᠠ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠰᠤᠷᠤᠯᠴᠠᠪᠠ᠃ ᠰᠤᠷᠤᠯᠴᠠᠯᠭ᠎ᠠ ᠲᠡᠭᠦᠰᠦᠭᠰᠡᠨ ᠤ ᠲᠠᠷᠠᠭ᠎ᠠ᠂ ᠤᠯᠠᠨ ᠢᠶᠠᠷ ᠢᠶᠠᠨ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠬᠴᠠᠯᠠᠬᠤ ᠶᠠᠪᠤᠳᠠᠯ ᠢ ᠨᠡᠶᠢᠭᠡᠮ ᠲᠣᠭᠤᠷᠢᠭ ᠤᠨ ᠠᠵᠢᠯ ᠳᠤ ᠲᠤᠭᠤᠰᠢᠯᠠᠭᠤᠯᠬᠤ ᠲᠤᠬᠠᠢ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃      ᠲᠤᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠪᠠᠷ ᠳᠡᠮᠵᠢᠨ ᠨᠡᠶᠢᠭᠡᠮ ᠲᠣᠭᠤᠷᠢᠭ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠬᠴᠠᠯᠠᠬᠤ ᠤᠬᠠᠮᠰᠠᠷ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠪᠡ᠃ ᠳᠠᠷᠠᠭᠠᠴᠢ ᠶᠢᠨ ᠠᠯᠬᠤᠮ ᠳᠤ᠂ ᠰᠧᠨᠸᠠᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠭᠤᠣᠯ ᠱᠤᠭᠤᠮ ᠤᠨ ᠲᠣᠭᠤᠷᠢᠨ ᠳᠤ᠂ ᠤᠮᠠᠷᠠᠲᠤ ᠶᠢᠨ ᠰᠣᠶᠣᠯ ᠢ ᠪᠠᠳᠠᠷᠠᠭᠤᠯᠬᠤ ᠪᠠᠷ ᠭᠤᠣᠯᠳᠠᠯᠭ᠎ᠠ ᠪᠣᠯᠭᠠᠨ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠪᠢᠰᠬᠠᠯ ᠤᠨ ᠰᠣᠶᠣᠯ ᠤᠨ ᠬᠥᠮᠦᠵᠢᠯ ᠤᠨ ᠠᠵᠢᠯᠯᠠᠭ᠎ᠠ᠂ ᠠᠨᠠᠷ ᠤᠨ ᠦᠷ᠎ᠡ ᠰᠢᠭ ᠨᠢᠬᠳᠡᠷᠡᠨ ᠪᠦᠯᠬᠦᠮᠳᠡᠵᠣ᠂ ᠰᠡᠳᠬᠢᠯ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠦᠨᠡᠨ ᠬᠦ ᠤᠯᠠᠨ ᠲᠦᠮᠡᠨ ᠤ ᠰᠡᠳᠬᠢᠯ ᠳᠤ ᠨᠢ ᠬᠠᠳᠡᠩᠰᠢᠭᠤᠯᠵᠣ᠂ ᠪᠣᠳᠠᠲᠠᠶᠢᠵᠢᠭᠤᠯᠵᠤ᠂ ᠭᠦᠨᠵᠡᠭᠡᠶᠢᠷᠡᠭᠦᠯᠦᠨ᠎ᠡ᠃  
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号