ᠸᠧᠨᠴᠢᠣᠸᠠᠨ ᠵᠡᠭᠡᠯᠢ ᠶᠢᠨ ︽ᠬᠠᠪᠤᠷ ᠤᠨ ᠴᠡᠴᠡᠭ ᠨᠠᠮᠤᠷ ᠤᠨ ᠵᠢᠮᠢᠰ︾ ᠭᠡᠬᠦ ᠭᠤᠣᠯ ᠰᠡᠳᠦᠪᠲᠦ ᠡᠪᠯᠡᠯ ᠤᠨ ᠡᠳᠦᠷᠯᠢᠭ ᠤᠨ ᠰᠢᠷᠢᠰ ᠠᠵᠢᠯᠯᠠᠭ᠎ᠠ  ᠶᠢᠨ ᠲᠣᠬᠠᠢ ᠲᠠᠮᠳᠡᠭᠯᠡᠯ
ᠨᠡᠶᠢᠲᠡᠯᠡᠭᠰᠡᠨ ᠴᠠᠭ᠄
2024/4/30
      ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠣᠨ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠰᠠᠷ᠎ᠠ ᠶᠢᠨ ᠲᠦᠷᠪᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂  ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠡᠪᠯᠡᠯ ᠤᠨ ᠬᠤᠷᠢᠶ᠎ᠠ ︽ᠬᠠᠪᠤᠷ ᠤᠨ ᠴᠡᠴᠡᠭ ᠨᠠᠮᠤᠷ ᠤᠨ ᠵᠢᠮᠢᠰ︾ ᠭᠤᠣᠯ ᠰᠡᠳᠦᠪᠲᠦ ᠡᠪᠯᠡᠯ ᠤᠨ ᠡᠳᠦᠷ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠨᠢᠭᠡ᠂ ᠵᠠᠯᠠᠭᠤ ᠨᠠᠰᠤᠨ ᠤ ᠠᠶᠠᠯᠠᠯ ᠤᠨ ᠴᠢᠭᠯᠡᠯ ᠢ ᠲᠠᠶᠢᠴᠢᠯᠡᠨ ᠵᠢᠯᠣᠭᠤᠳᠴᠠᠢ      ᠡᠪᠯᠡᠯ ᠤᠨ ᠭᠡᠰᠢᠭᠦᠨ ᠤ ᠬᠦᠰᠡᠯᠡᠩ ᠢᠲᠡᠭᠡᠯ ᠵᠣᠷᠢᠭ ᠢ ᠪᠠᠲᠤᠳᠬᠠᠵᠤ᠂ ᠡᠪᠯᠡᠯ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠢᠩᠭᠠᠳᠬᠠᠵᠡᠢ᠃ ᠵᠠᠯᠠᠭᠤᠴᠤᠳ ᠤᠨ ᠡᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠤᠨ ᠡᠪᠯᠡᠯ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠲᠠᠩᠭᠠᠷᠢᠭ ᠢᠶᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠬᠤ᠂ ᠲᠡᠷᠢᠭᠦᠨ ᠤ ᠬᠢ ᠶᠢ  ᠪᠣᠯᠬᠤ ᠪᠠᠷ ᠴᠢᠷᠮᠠᠶᠢᠬᠤ ᠶᠢ ᠵᠣᠷᠢᠬᠵᠢᠭᠤᠯᠥᠬᠰᠠᠨ ᠪᠠᠶᠢᠨ᠎ᠠ᠃ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠳᠣᠣᠷ᠎ᠠ᠂ ᠴᠢᠷᠮᠠᠶᠢᠨ ᠰᠤᠷᠤᠯᠴᠠᠵᠤ᠂ ᠲᠠᠰᠤᠷᠠᠯᠳᠠ ᠦᠭᠡᠢ ᠤᠷᠤᠭᠰᠢᠯᠠᠨ ᠳᠠᠪᠰᠢᠵᠤ᠂ ᠦᠵᠡᠯ ᠰᠠᠨᠠᠭᠠᠨ ᠤ ᠲᠠᠯ᠎ᠠ ᠪᠠᠷ ᠡᠪᠯᠡᠯ ᠤᠨ ᠵᠣᠬᠢᠶᠠᠨ ᠪᠠᠶᠢᠭᠤᠯᠤᠯᠲᠠ ᠳᠤ ᠦᠨᠡᠨ ᠬᠦ ᠣᠷᠣᠯᠴᠠᠵᠤ᠂ ᠡᠪᠯᠡᠯ ᠳᠤ ᠣᠷᠣᠬᠤ ᠲᠠᠩᠭᠠᠷᠢᠭ ᠢᠶᠠᠨ ᠪᠡᠶᠡᠯᠡᠭᠦᠯᠬᠦ ᠶᠢᠨ ᠬᠠᠮᠲᠤ ᠬᠤᠶᠢᠰᠢᠳᠠ ᠶᠢᠨ ᠰᠤᠷᠤᠯᠴᠠᠯᠭ᠎ᠠ ᠠᠵᠢᠯ ᠤᠨ ᠳᠤᠮᠳᠠ ᠪᠠᠨ ᠥᠪᠡᠷ ᠢ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠣᠨ᠂ ᠤᠯᠠᠨ ᠳᠤ ᠦᠢᠯᠡᠴᠢᠯᠡᠵᠦ᠂ ᠠᠵᠢᠯ ᠤᠨ ᠳᠤᠮᠳᠠ ᠪᠠᠨ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠡᠢ᠃        ᠬᠤᠶᠠᠷ᠂ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠡᠢ      ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠦᠨᠡᠨ ᠬᠦ ᠬᠠᠪᠰᠤᠷᠴᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠸᠧᠨᠴᠢᠣᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠨ ᠱᠦᠵᠢ ︽ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠳᠠᠭᠠᠭᠤᠯᠤᠨ ᠰᠤᠷᠤᠯᠴᠠᠵᠤ᠂ ᠵᠡᠭᠡᠯᠢ ᠭᠤᠳᠤᠮᠵᠢ ᠶᠢᠨ ᠡᠪᠯᠡᠯ ᠤᠨ ᠭᠡᠰᠢᠭᠦᠳ ᠢ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠰᠢᠨ᠎ᠡ ᠴᠠᠭ ᠦᠶ᠎ᠡ ᠶᠢᠨ ᠰᠢᠯᠢᠳᠡᠭ ᠵᠠᠯᠠᠭᠤᠴᠤᠳ ᠪᠣᠯᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ᠂ ᠳᠤᠮᠳᠠᠳᠤ ᠶᠢᠨ ᠬᠦᠰᠠᠯ ᠵᠡᠭᠦᠳᠦ ᠶᠢ ᠲᠡᠷᠭᠡᠯᠰᠢᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠡ᠃      ᠭᠤᠷᠪᠠ᠂ ᠵᠠᠯᠠᠭᠤ ᠨᠠᠰᠤᠨ ᠤ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠡᠢ      ᠲᠠᠪᠤᠨ ᠰᠠᠷ᠎ᠠ ᠶᠢᠨ ᠳᠦᠷᠪᠡᠨ ᠤ ᠬᠥᠳᠡᠯᠭᠡᠭᠡᠨ ᠨᠢ ᠰᠢᠨ᠎ᠡ ᠦᠵᠡᠯ ᠰᠠᠨᠠᠭᠠᠨ ᠤ ᠤᠷᠤᠰᠬᠠᠯ ᠤᠨ ᠥᠷᠨᠢᠯᠲᠡ ᠪᠠ ᠮᠠᠷᠺᠰ ᠤᠨ ᠦᠵᠡᠯ ᠤᠨ ᠳᠡᠯᠭᠡᠷᠡᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠡᠬᠢᠯᠡᠯᠲᠡ ᠪᠣᠯᠵᠤ᠂ ᠦᠭᠡᠶᠢᠭᠦᠦ ᠠᠩᠭᠢ ᠤᠯᠤᠰ ᠲᠦᠷᠦ ᠶᠢᠨ ᠲᠠᠪᠴᠠᠩ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠳᠠᠭᠰᠠᠨ ᠪᠠ ᠳᠤᠮᠳᠠᠳᠤ ᠤᠯᠤᠰ ᠤᠨ ᠳᠠᠷᠠᠭᠠᠴᠢ ᠶᠢᠨ ᠲᠡᠦᠬᠡ ᠶᠢᠨ ᠬᠥᠭᠵᠢᠯᠲᠡ ᠳᠤ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠸᠧᠨᠴᠢᠣᠸᠠᠨ ᠵᠡᠭᠡᠯᠢ ᠶᠢᠨ ᠡᠪᠯᠡᠯ ᠤᠨ ᠠᠵᠢᠯ ᠤᠨ ᠵᠥᠪᠯᠡᠯ ᠡᠪᠯᠡᠯ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ︽ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ︾  ᠤ ᠸᠢᠳᠢᠤ᠋ ᠶᠢ ᠦᠵᠡᠭᠦᠯᠵᠦ᠂ ᠡᠪᠯᠡᠯ ᠤᠨ ᠭᠡᠰᠢᠭᠦᠳ ᠢᠶᠠᠨ ᠬᠥᠮᠥᠵᠢᠭᠦᠯᠵᠦ᠂ ᠥᠷᠭᠡᠨ ᠤᠯᠠᠨ ᠡᠪᠯᠡᠯ ᠤᠨ ᠭᠡᠰᠢᠭᠦᠳ ᠢ ᠲᠠᠶᠢᠴᠢᠯᠡᠨ ᠳᠠᠭᠠᠭᠤᠯᠵᠤ ᠷᠠᠰᠢᠶᠠᠨ ᠤ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠦᠯᠵᠡᠢ᠃      ᠳᠥᠷᠪᠡ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠵᠡᠢ      ᠨᠢᠭᠡ ᠵᠢᠯ ᠤᠨ ᠲᠤᠷᠰᠢ᠂ ᠸᠧᠨᠴᠢᠣᠸᠠᠨ ᠵᠡᠭᠡᠯᠢ ᠶᠢᠨ ᠡᠯ᠎ᠡ ᠱᠠᠲᠤᠨ ᠤ ᠡᠪᠯᠡᠯ ᠤᠨ ᠡᠭᠦᠷ ᠪᠣᠯᠣᠨ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠵᠡᠭᠡᠯᠢ ᠶᠢᠨ ᠨᠠᠮ ᠵᠠᠰᠠᠭ ᠤᠨ ᠭᠤᠣᠯ ᠠᠵᠢᠯ ᠤᠨ ᠲᠣᠭᠤᠷᠢᠨ ᠳᠤ ᠨᠢᠭᠲᠠ ᠠᠵᠢᠯᠯᠠᠵᠤ᠂ ᠵᠣᠷᠢᠭᠲᠠᠢ ᠪᠠᠷ ᠦᠢᠯᠡᠳᠦᠯᠭᠡ ᠬᠢᠵᠦ᠂ ᠰᠢᠨ᠎ᠡ ᠶᠢ ᠡᠭᠦᠳᠣᠨ᠂ ᠪᠠᠶᠠᠷᠯᠠᠭᠤᠰᠢᠲᠠᠢ ᠠᠮᠵᠢᠯᠲᠠ ᠣᠯᠪᠡ᠃ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠡᠪᠯᠡᠯ ᠤᠨ ᠳᠣᠲᠣᠭᠠᠳᠤ ᠶᠢᠨ ᠲᠡᠷᠢᠭᠦᠨ ᠤ  ᠬᠢ ᠶᠢ ᠲᠠᠮᠠᠴᠠᠵᠣ ᠰᠢᠯᠢᠳᠡᠭ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠺᠠᠳ᠋ᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠭᠡᠰᠢᠭᠦᠨ᠂ ᠰᠢᠯᠢᠳᠡᠭ ᠵᠠᠯᠠᠭᠤ ᠠᠵᠢᠯᠲᠠᠨ᠂ ᠰᠢᠯᠢᠳᠡᠭ ᠰᠠᠶᠢᠨ ᠳᠤᠷ᠎ᠠ ᠶᠢᠨ  ᠣᠶᠢᠯᠡᠴᠢᠯᠡᠭᠴᠢ ᠶᠢ ᠬᠥᠬᠢᠭᠦᠯᠦᠨ ᠰᠠᠶᠢᠰᠢᠶᠠᠪᠡ᠃      ᠲᠠᠪᠤ᠂ ᠵᠠᠯᠠᠭᠤ ᠨᠠᠰᠤᠨ ᠤ ᠰᠡᠳᠬᠢᠯ ᠤᠨ ᠬᠥᠪᠴᠢ ᠶᠢ ᠴᠢᠪᠬᠠᠳᠠᠵᠡᠢ      ᠵᠠᠯᠠᠭᠤᠴᠤᠳ ᠤᠨ ᠪᠣᠯᠪᠠᠰᠤᠨ᠂ ᠡᠷᠡᠭᠦᠯ᠂ ᠣᠶᠤᠨᠴᠢ ᠪᠠᠷ ᠤᠷᠤᠭ ᠬᠤᠷᠢᠮ ᠢᠨᠠᠭ ᠬᠠᠶᠢᠷ᠎ᠡ ᠶᠢᠨ ᠰᠣᠶᠣᠯ ᠤᠨ ᠣᠶᠢᠯᠠᠭᠠᠭᠳᠠᠬᠤᠨ ᠢ ᠪᠤᠶ ᠪᠣᠯᠭᠠᠬᠤ ᠶᠢ ᠰᠠᠨᠠᠭᠠᠴᠢᠯᠠᠵᠣ᠂ ᠵᠠᠯᠠᠭᠤᠴᠤᠳ ᠤᠨ ᠠᠵᠢᠯ ᠤᠨ ᠴᠢᠯᠦᠭᠡᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠳᠤᠮᠳᠠ ᠪᠠᠨ ᠥᠪᠡᠷ ᠢ ᠪᠠᠨ ᠳᠡᠯᠭᠡᠨ ᠦᠵᠡᠭᠦᠯᠵᠦ᠂ ᠬᠠᠶᠢᠷ᠎ᠠ ᠰᠡᠳᠬᠢᠯᠭᠡ ᠪᠠᠨ ᠰᠣᠯᠢᠯᠴᠠᠨ᠂ ᠨᠥᠬᠦᠷᠯᠡᠯ ᠢᠶᠠᠨ ᠪᠠᠶᠢᠭᠤᠯᠬᠤ ᠶᠢᠨ ᠲᠥᠯᠥᠭᠡ᠂  ᠸᠧᠨᠴᠢᠣᠸᠠᠨ ᠵᠡᠭᠡᠯᠢ ᠶᠢᠨ ᠡᠪᠯᠡᠯ ᠤᠨ ᠠᠵᠢᠯ ᠤᠨ ᠵᠥᠪᠯᠡᠯ ᠨᠢ ᠵᠡᠭᠡᠯᠢ ᠭᠤᠳᠤᠮᠵᠢ ᠶᠢᠨ ᠵᠠᠯᠠᠭᠤᠴᠤᠳ ᠢ ᠲᠠᠶᠢᠴᠢᠯᠠᠨ ᠬᠤᠳᠠ ᠶᠢᠨ ᠡᠪᠯᠡᠯ ᠤᠨ ᠬᠤᠷᠢᠶ᠎ᠠ ᠶᠢᠨ ︽ᠬᠤᠷᠴᠠ ᠤᠯᠠᠭᠠᠨ ᠴᠡᠴᠡᠭ ᠤᠨ ᠣᠴᠠᠷᠡᠯ ᠤᠨ ᠪᠣᠯᠵᠤᠭ᠎ᠠ ᠲᠠᠢ ᠷᠠᠰᠢᠶᠠᠨ ᠳᠠᠭᠠᠨ ᠵᠠᠯᠠᠭᠤ ᠨᠠᠰᠤᠨ  ᠤ ᠭᠡᠷᠡᠯ ᠬᠢᠯᠪᠠᠭ᠎ᠠ ᠪᠠᠨ ᠬᠢᠯᠠᠯᠵᠠᠭᠤᠯᠬᠤ︾ ᠠᠷᠪᠠᠨ ᠨᠢᠭᠡᠳᠦᠭᠡᠷ ᠬᠤᠭᠤᠴᠠᠭᠠᠨ ᠤ ᠵᠠᠯᠠᠭᠤᠴᠤᠳ ᠤᠨ ᠨᠥᠬᠦᠷᠯᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠣᠷᠣᠯᠴᠠᠭᠤᠯᠵᠤ᠂ ᠡᠯᠪᠡᠭ ᠪᠠᠶᠠᠯᠢᠭ ᠲᠣᠭᠯᠠᠭᠠᠮ ᠢᠶᠠᠷ ᠵᠠᠯᠠᠭᠤᠴᠤᠳ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂  ᠸᠧᠨᠴᠢᠣᠸᠡᠨ ᠵᠡᠭᠡᠯᠢ ᠶᠢᠨ ᠵᠠᠯᠠᠭᠤᠴᠤᠳ ᠤᠨ ᠦᠨᠡᠨᠴᠢ᠂ ᠪᠠᠶᠠᠰᠤᠩᠭᠤᠢ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠥᠭᠰᠠᠨ ᠪᠠᠶᠢᠨ᠎ᠠ᠃
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号