ᠬᠢᠯᠢ ᠶᠢᠨ ᠰᠠᠭᠤᠭᠠᠯᠢ ᠠᠷᠠᠳ ᠤᠨ ︽ᠵᠣᠯ ᠵᠢᠷᠭᠠᠯᠲᠦ ᠠᠮᠢᠳᠤᠷᠠᠯ ᠤᠨ ᠲᠠᠩᠰᠠ︾
ᠨᠡᠶᠢᠲᠡᠯᠡᠭᠰᠡᠨ ᠴᠠᠭ᠄
2024/4/9

                                    ᠭᠤᠣ ᠮᠢᠨ ᠨᠠ ᠴᠢᠮᠡᠭᠡᠯᠡᠭᠴᠢ ᠰᠢᠤᠢ ᠸᠧᠨ ᠵᠢᠶᠦ᠋ᠨ

      ︽ᠡᠮᠦᠨ᠎ᠡ ᠬᠡᠳᠦᠨ ᠡᠳᠦᠷ᠂ ᠪᠢ ᠲᠣᠰᠬᠤᠨ ᠳᠤ ᠬᠦᠷᠴᠦ ᠬᠢᠯᠢ ᠶᠢᠨ ᠰᠠᠭᠤᠭᠠᠯᠢ ᠠᠷᠠᠳ ᠲᠤ ᠨᠥᠬᠦᠪᠥᠷᠢ ᠥᠭᠬᠦ

ᠭᠤᠶᠤᠴᠢᠯᠠᠯ ᠤᠨ ᠬᠦᠰᠦᠨᠦᠭᠲᠦ ᠶᠢ ᠲᠠᠭᠯᠠᠭᠰᠠᠨ ᠳᠤ᠂ 5 ᠰᠠᠷ᠎ᠠ ᠶᠢᠨ ᠦᠶ᠎ᠡ ᠪᠠᠷ ᠮᠠᠨ ᠤ ᠬᠡᠷ ᠤᠨ 4 ᠠᠮᠠ ᠬᠥᠮᠦᠨ ᠤ

ᠬᠢᠯᠢ ᠶᠢᠨ ᠠᠷᠠᠳ ᠤᠨ ᠨᠥᠬᠦᠪᠥᠷᠢ ᠶᠢ ᠮᠢᠨᠦ ᠨᠡᠶᠢᠭᠡᠮ ᠤᠨ ᠳᠠᠭᠠᠳᠬᠠᠯ ᠤᠨ ᠺᠠᠷᠲ ᠲᠤ ᠣᠷᠣᠭᠤᠯᠵᠤ ᠦᠭᠬᠦᠨ᠎ᠡ ᠭᠡᠵᠦ

ᠠᠵᠢᠯᠲᠠᠨ ᠨᠠᠳᠠ ᠳᠤ ᠬᠡᠯᠡᠵᠦ ᠥᠭᠭᠦᠭᠰᠡᠨ ᠶᠤᠮ᠃ ᠡᠨᠡ ᠵᠢᠯ ᠪᠣᠯ ᠮᠢᠨᠦ ᠬᠢᠯᠢ ᠶᠢᠨ ᠠᠷᠠᠳ ᠤᠨ ᠨᠥᠬᠦᠪᠥᠷᠢ ᠶᠢ

ᠭᠤᠶᠤᠴᠢᠯᠠᠨ ᠠᠪᠤᠬᠰᠠᠨ ᠶᠢᠰᠦᠳᠡᠬᠢ ᠵᠢᠯ ᠮᠥᠨ᠂ ᠡᠨᠡ ᠬᠡᠳᠦᠨ ᠵᠢᠯ ᠳᠤ ᠵᠦᠪᠬᠡᠨ ᠬᠢᠯᠢ ᠶᠢᠨ ᠠᠷᠠᠳ ᠤᠨ ᠨᠥᠬᠦᠪᠥᠷᠢ

ᠭᠡᠬᠦ‍ ᠨᠢᠭᠡ ᠯᠡ ᠵᠦᠢᠯ ᠤᠨ ᠨᠦᠬᠦᠪᠦᠷᠢ ᠶᠢ ᠮᠠᠨ ᠤ ᠬᠡᠷ ᠤᠨ ᠬᠢᠨ 84000 ᠲᠥᠭᠦᠷᠢᠭ ᠣᠯᠤᠭᠰᠠᠨ ᠪᠠᠶᠢᠨ᠎ᠠ︾ ᠭᠡᠵᠤ

ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠲᠢᠶᠠᠨ ‍ᠤᠤᠢ ᠪᠠᠯᠭᠠᠰᠤ ᠶᠢᠨ ᠷᠠᠰᠢᠶᠠᠨ ᠲᠣᠰᠬᠤᠨ ᠤ ᠠᠷᠠᠳ ᠲᠢᠶᠠᠨ ᠶᠦᠩ

ᠰᠢᠶᠠ ᠭᠡᠯᠡᠨ᠎ᠠ᠃ ᠲᠡᠷᠨ ᠪᠠᠷ ᠣᠳᠣᠬᠠᠨ ᠳᠤ ᠢᠳᠡᠵᠦ ᠤᠤᠭᠤᠬᠤ ᠵᠠᠷᠤᠳᠠᠯ ᠤᠨ ᠲᠤᠬᠠᠢ ᠵᠣᠪᠠᠭ᠋ᠤ ᠬᠡᠷᠡᠭ ᠠᠯᠠᠭ᠎ᠠ ᠪᠤᠯᠵᠠᠢ᠂

ᠡᠳᠡᠭᠡᠷ ᠨᠢ ᠴᠥᠮ ᠨᠠᠮ ᠪᠣᠯᠤᠨ ᠤᠯᠤᠰ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠬᠤ ᠶᠤᠰᠤᠲᠠᠢ ᠭᠡᠵᠦ ᠶᠠᠷᠢᠬᠤ

ᠶᠤᠮ᠃

     ᠷᠠᠰᠢᠶᠠᠨ ᠲᠣᠰᠬᠤᠨ ᠳᠤᠮᠳᠠᠳᠤ ᠮᠣᠩᠭᠤᠯ ᠤᠨ ᠬᠢᠯᠢ ᠳᠤ ᠪᠠᠶᠢᠷᠢᠯᠠᠵᠤ᠂ ᠬᠢᠯᠢ ᠶᠢᠨ ᠠᠷᠠᠳ ᠤᠨ ᠠᠮᠢᠳᠤᠷᠠᠯ ᠤᠨ

ᠨᠥᠬᠦᠪᠥᠷᠢ ᠬᠦᠷᠲᠡᠬᠦ ᠬᠡᠪᠴᠢᠶᠡᠨ ᠳᠤ ᠪᠠᠭᠲᠠᠨ᠎ᠠ᠃ ᠥᠩᠭᠡᠷᠡᠭᠰᠡᠨ ᠳᠤ᠂ ᠲᠢᠶᠠᠨ ᠶᠦᠩ ᠰᠢᠶᠠ ᠶᠢᠨ ᠬᠢᠨ ᠲᠣᠭᠲᠠᠭᠤᠨ

ᠤᠷᠤᠯᠭ᠎ᠠ ᠶᠢᠨ ᠢᠷᠡᠯᠲᠡ ᠥᠬᠡᠶ ᠪᠣᠯᠬᠤᠷ ᠠᠮᠢᠳᠤᠷᠠᠯ ᠨᠢ ᠮᠠᠰᠢ ᠬᠦᠴᠢᠷᠲᠡᠶ ᠪᠠᠶᠢᠪᠠ᠃ ᠡᠲᠡᠭᠡᠷ ᠵᠢᠯ ᠤᠳ ᠲᠤ᠂ ᠬᠢᠯᠢ

ᠬᠢᠵᠠᠭᠠᠷ ᠣᠷᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠤᠯᠬᠤ ᠶᠢ ᠳᠠᠭᠠᠯᠳᠤᠨ᠂ ᠲᠢᠶᠠᠨ ᠶᠦᠩ ᠰᠢᠶᠠ ᠶᠢᠨ ᠬᠡᠷ ᠪᠦᠯᠢ ᠶᠢᠨ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ᠂ ᠣᠷᠣᠨ

ᠰᠠᠭᠤᠴᠠ ᠨᠢ ᠤᠤᠯ ᠤᠨ ᠳᠦᠭᠦᠮ ᠪᠤᠷᠤᠭᠵᠢᠭᠤᠨ ᠪᠠᠶᠢᠰᠢᠩ ᠬᠡᠷ ᠠᠴᠠ ᠪᠠᠨ ᠳᠤᠯᠠᠭᠠᠨ ᠲᠠᠭᠠᠯᠠᠮᠵᠢᠲᠠᠶ ᠠᠰᠠᠷ ᠲᠤ ᠨᠡᠭᠦᠨ

ᠣᠷᠣᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠷᠣᠯᠭ᠎ᠠ ᠨᠢ 10 ᠵᠢᠯ ᠤᠨ ᠡᠮᠦᠨᠡᠬᠢ ᠠᠴᠠ 4 ᠳᠠᠬᠢᠨ ᠨᠡᠮᠡᠭᠳᠡᠵᠡᠶ᠃

     ︽ᠲᠣᠰᠬᠤᠨ ᠠᠴᠠ ᠵᠢᠯ ᠪᠦᠷᠢ ᠪᠢᠳᠡᠨ ᠳᠤ ᠠᠮᠤ ᠪᠤᠳᠠᠭᠠᠨ ᠤ ᠨᠥᠬᠦᠪᠥᠷᠢ᠂ ᠭᠠᠵᠠᠷ ᠰᠢᠷᠣᠶ ᠶᠢᠨ ᠲᠦᠷᠢᠶᠡᠰᠦᠨ

ᠮᠥᠩᠭᠦ᠂ ᠲᠠᠷᠢᠶᠠᠯᠠᠬᠤ ᠶᠢ ᠵᠣᠭᠰᠣᠭᠠᠬᠤ ᠨᠥᠬᠦᠪᠥᠷᠢ ᠪᠣᠯᠤᠨ ᠲᠣᠰᠬᠤᠨ ᠤ ᠬᠠᠮᠲᠤ ᠶᠢᠨ ᠨᠥᠬᠦᠪᠥᠷᠢ ᠭᠡᠵᠦ ᠥᠭᠴᠦ

ᠪᠠᠶᠢᠨ᠎ᠠ᠃ ᠡᠨᠡ ᠵᠢᠯ ᠤᠨ 2 ᠰᠠᠷ᠎ᠠ ᠳᠤ ᠪᠠᠯᠭᠠᠰᠤᠨ ᠠᠴᠠ ᠪᠠᠰᠠ 2000 ᠲᠥᠭᠦᠷᠢᠭ ᠤᠨ ᠲᠦᠷ ᠴᠠᠭ ᠤᠨ ᠠᠪᠤᠷᠠᠨ

ᠲᠤᠰᠠᠯᠠᠬᠤ ᠮᠦᠩᠬᠦ ᠭᠡᠵᠦ ᠦᠭᠬᠦᠭᠰᠡᠨ ᠪᠠᠶᠢᠨ᠎ᠠ︾ ᠭᠡᠵᠤ ᠲᠢᠶᠠᠨ ᠶᠦᠩ ᠰᠢᠶᠠ ᠶᠢᠨ ᠬᠢᠨ ᠨᠠᠮ ᠤᠨ ᠠᠴᠢ ᠡᠨᠡᠷᠢᠯ ᠢ

ᠰᠡᠳᠭᠢᠯ ᠵᠢᠷᠦᠬᠡᠨ ᠳᠡᠭᠡᠨ ᠪᠠᠲᠤ ᠴᠡᠭᠡᠵᠢᠯᠡᠨ᠎ᠠ᠃

     ᠷᠠᠰᠢᠶᠠᠨ ᠬᠤᠲᠠ ᠶᠢᠨ ᠲᠢᠶᠠᠨ ‍ᠤᠤᠢ ᠪᠠᠯᠭᠠᠰᠤᠨ ᠳᠤ᠂ ᠲᠢᠶᠠᠨ ᠶᠦᠩ ᠰᠢᠶᠠ ᠶᠢᠨ ᠬᠢ ᠲᠠᠢ ᠠᠳᠠᠯᠢ ᠪᠠᠷ 30

ᠭᠠᠷᠤᠶ ᠡᠷᠦᠬᠡ ᠵᠢᠯ ᠪᠦᠷᠢ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ

2 ᠲᠦᠮᠡ ᠰᠢᠬᠠᠮ ᠲᠥᠭᠦᠷᠢᠭ ᠭᠥᠷᠳᠡᠵᠦ ᠪᠠᠶᠢᠨ᠎ᠠ᠃ ︽ᠡᠳᠡᠭᠡᠷ ᠭᠡᠷ ᠪᠦᠯᠢ ᠶᠢᠨ ᠬᠢᠨ ᠣᠳᠣ ᠢᠳᠡᠵᠦ ᠡᠮᠦᠰᠭᠦ ᠳᠡᠭᠡᠨ

ᠵᠣᠪᠠᠭ᠋ᠤ ᠦᠭᠡᠶ ᠪᠦᠬᠡᠳ ᠢᠯᠡᠬᠦᠴᠡ ᠦᠯᠡᠳᠡᠪᠦᠷᠢ ᠲᠠᠢ ᠪᠤᠯᠤᠬᠰᠠᠨ ᠪᠣᠯᠬᠤᠷ ᠨᠠᠰᠤ ᠠᠬᠠᠰᠢᠷᠠᠪᠠᠯ ᠣᠷᠣᠯᠭ᠎ᠠ ᠨᠢ ᠪᠠᠲᠤᠯᠠᠭ᠎ᠠ

ᠦᠭᠡᠶ ᠪᠣᠯᠤᠨ᠎ᠠ ᠭᠡᠵᠦ ᠰᠠᠨᠠᠭ᠎ᠠ ᠵᠣᠪᠠᠭ᠋ᠤ ᠬᠡᠷᠡᠭ ᠦᠭᠡᠶ ᠪᠣᠯᠵᠠᠶ︾ ᠭᠡᠵᠦ ᠷᠠᠰᠢᠶᠠᠨ ᠲᠣᠰᠬᠤᠨ ᠤ ᠨᠠᠮ ᠤᠨ ᠡᠭᠦᠷ ᠤᠨ

ᠱᠦᠵᠢ ᠶᠢᠨ ᠰᠢᠶᠤᠤ ᠭᠠᠩ ᠬᠡᠯᠡᠪᠡ᠃

     ᠬᠢᠯᠢ ᠶᠢᠨ ᠠᠷᠠᠳ ᠤᠨ ᠨᠥᠬᠦᠪᠥᠷᠢ᠂ ᠠᠮᠤ ᠪᠤᠳᠠᠭᠠᠨ ᠤ ᠨᠥᠬᠦᠪᠥᠷᠢ᠂ ᠬᠦᠨᠳᠦ ᠡᠪᠡᠳᠴᠢᠨ ᠤ ᠠᠪᠤᠷᠠᠨ

ᠲᠤᠰᠠᠯᠠᠯᠲᠠ ᠶᠢᠨ ᠮᠦᠩᠬᠦ᠂ ᠲᠣᠰᠬᠤᠨ ᠤ ᠬᠠᠮᠲᠤ ᠶᠢᠨ ᠨᠥᠬᠦᠪᠥᠷᠢ᠂ ᠤᠨᠢᠨ ᠲᠡᠭᠡᠷ᠎ᠡ ᠨᠢ ᠶᠠᠳᠠᠭᠤᠷᠠᠬᠤ ᠶᠢ ᠰᠡᠷᠭᠡᠶᠢᠯᠡᠬᠦ

ᠶᠡᠷᠦᠩᠬᠡᠶᠢᠯᠡᠭᠰᠡᠨ ᠳᠠᠭᠠᠳᠬᠠᠯ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠶᠢ ᠬᠡᠷᠬᠢᠨ ᠨᠥᠬᠦᠪᠥᠷᠢᠯᠡᠬᠦ᠂

ᠬᠡᠨ ᠳᠤ ᠨᠥᠬᠦᠪᠥᠷᠢᠯᠡᠬᠦ᠂ ᠬᠡᠳᠦᠢ ᠨᠥᠬᠦᠪᠥᠷᠢᠯᠡᠬᠦ ᠁ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ

ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠠᠵᠢᠯᠲᠠᠳ ᠨᠢᠭᠡᠳ ᠨᠢᠭᠡ ᠪᠠᠷ ᠡᠮᠬᠢᠯᠡᠵᠦ᠂ ᠨᠠᠷᠢᠯᠢᠭ ᠲᠣᠳᠣᠷᠬᠠᠢ ᠶᠠᠷᠢᠵᠤ

ᠥᠭᠴᠡᠢ᠃

     ︽ᠮᠠᠨ ᠤ ᠲᠣᠰᠬᠤᠨ ᠤ ᠨᠠᠮ ᠤᠨ ᠡᠭᠦᠷ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ᠂ ᠨᠠᠮ ᠤᠨ

ᠭᠡᠰᠢᠭᠦᠨ᠂ ᠲᠤᠤᠷᠵᠢᠭᠤᠯᠤᠯᠲᠠ ᠶᠢᠨ ᠠᠵᠢᠯᠲᠠᠨ ᠣᠯᠠᠨ ᠵᠦᠢᠯ ᠤᠨ ᠬᠡᠯᠪᠡᠷᠢ ᠪᠠᠷ ᠨᠠᠮ ᠪᠠ ᠤᠯᠤᠰ ᠤᠨ ᠠᠷᠠᠳ ᠲᠤ ᠠᠰᠢᠭ

ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︿ᠰᠡᠳᠭᠢᠯ ᠤᠨ ᠦᠭᠡ﹀ ᠪᠣᠯᠭᠠᠨ ᠬᠤᠪᠢᠷᠠᠭᠤᠯᠪᠠ᠃

ᠲᠣᠰᠬᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠠᠬᠠᠮᠠᠳ ᠨᠠᠮ ᠤᠨ ᠭᠡᠰᠢᠭᠦᠨ ᠤ ᠬᠡᠷ

ᠪᠥᠯᠢ ᠵᠡᠷᠭᠡ ᠳᠤ ᠤᠬᠠᠭᠤᠯᠤᠨ ᠲᠠᠶᠢᠯᠪᠤᠷᠢᠯᠠᠭᠴᠢ ᠠᠴᠠ ︿ᠣᠯᠠᠨ ᠲᠦᠮᠡᠨ ᠤ ᠤᠶᠢᠯᠠᠭᠠᠬᠤ ᠳᠤ ᠳᠦᠭᠦᠮ ᠦᠭᠡ ᠬᠡᠯᠡ﹀

 ᠪᠠᠷ ᠲᠥᠷᠥ ᠶᠢᠨ ᠪᠣᠳᠣᠯᠭ᠎ᠠ ᠶᠢ ᠰᠠᠶᠢᠲᠤᠷ ᠤᠯᠠᠮᠵᠢᠯᠠᠨ ᠲᠡᠮᠵᠢᠭᠤᠯᠵᠤ᠂ ᠰᠢᠨ᠎ᠡ ᠠᠮᠢᠳᠤᠷᠠᠯ ᠢ ᠮᠠᠭᠲᠠᠨ ᠳᠠᠭᠤᠯᠠᠵᠤ

ᠪᠠᠶᠢᠨ᠎ᠠ︾ ᠶᠢᠨ ᠰᠢᠶᠤᠤ ᠭᠠᠩ ᠭᠡᠯᠡᠨ᠎ᠠ᠃ ᠲᠡᠷᠨ ᠪᠠᠷ ᠣᠯᠠᠨ ᠲᠦᠮᠡᠨ ᠤ ᠡᠳ᠋ᠯᠡᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ

ᠠᠰᠢᠭ ᠲᠤᠰᠠ ᠶᠢ ᠵᠣᠭᠤᠭ ᠪᠤᠯᠭᠠᠨ ᠶᠠᠷᠢᠵᠤ᠂ ᠲᠠᠩᠰᠠ ᠪᠤᠳᠤᠵᠤ᠂ ᠬᠤᠪᠢᠷᠠᠯᠲᠠ ᠶᠢ ᠶᠠᠷᠢᠵᠤ᠂ ᠲᠥᠷᠥᠭᠳᠡᠯ ᠢᠶᠠᠨ

ᠶᠠᠷᠢᠯᠴᠠᠵᠤ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠴᠢᠨᠠᠭᠰᠢᠲᠠ ᠣᠶᠢᠯᠠᠭᠠᠭᠤᠯᠵᠤ᠂ ᠡᠵᠡᠮᠰᠢᠭᠦᠯᠵᠦ᠂

ᠡᠳ᠋ᠯᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠣᠰᠬᠤᠨ ᠤ ᠠᠷᠠᠳ ᠨᠢᠭᠡᠪᠦᠷᠢ ᠶᠢᠨ ᠰᠡᠳᠭᠢᠯ ᠳᠤ

ᠬᠦᠷᠭᠡᠨ᠎ᠡ ᠭᠡᠵᠦ ᠲᠠᠨᠢᠯᠴᠠᠭᠤᠯᠪᠠ᠃

     ᠷᠠᠰᠢᠶᠠᠨ ᠲᠣᠰᠬᠤᠨ ᠤ ︽ᠵᠣᠯ ᠵᠢᠷᠭᠠᠯᠲᠦ ᠠᠮᠢᠳᠤᠷᠠᠯ ᠤᠨ ᠲᠠᠩᠰᠠ︾ ᠳᠤ ᠪᠠᠰᠠ ᠨᠢᠯᠬ᠎ᠠ ᠬᠡᠤᠬᠡᠳ ᠢ ᠥᠰᠭᠡᠨ

ᠬᠥᠮᠦᠵᠢᠭᠦᠯᠬᠦ᠂ ᠬᠡᠤᠬᠡᠳ ᠪᠠᠭᠠᠴᠤᠳ ᠢ ᠬᠥᠮᠦᠵᠢᠭᠦᠯᠬᠦ᠂ ᠨᠠᠰᠤᠲᠠᠨ ᠢ ᠠᠰᠠᠷᠠᠨ ᠲᠡᠵᠢᠭᠡᠬᠦ᠂ ᠨᠡᠶᠢᠭᠡᠮ ᠤᠨ ᠠᠪᠤᠷᠠᠨ

ᠲᠤᠰᠠᠯᠠᠬᠤ ᠵᠡᠷᠭᠡ ᠲᠠᠯ᠎ᠠ ᠶᠢᠨ ᠨᠥᠬᠦᠪᠥᠷᠢ ᠶᠢ ᠪᠠᠭᠲᠠᠭᠠᠵᠤ᠂ ᠲᠣᠰᠬᠤᠨ ᠤ ᠠᠷᠠᠳ ᠤᠨ ᠠᠮᠢᠳᠤᠷᠠᠯ ᠢ

ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠲᠡᠳᠡᠨ ᠤ ᠵᠢᠷᠭᠠᠯᠲᠦ ᠲᠥ᠋ᠷᠦᠭᠳᠡᠯ ᠪᠠ ᠬᠦᠷᠲᠡᠮᠵᠢ ᠶᠢᠨ ᠲᠥᠷᠦᠭᠳᠡᠯ ᠢ ᠴᠦ

ᠳᠡᠭᠡᠭᠰᠢᠯᠡᠭᠦᠯᠦᠭᠰᠡᠨ ᠪᠠᠶᠢᠨ᠎ᠠ᠃ ᠨᠡᠩ ᠡᠷᠬᠢᠮ ᠨᠠᠨᠳᠢᠨ ᠵᠦᠢᠯ ᠭᠡᠪᠡᠯ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ

ᠵᠦᠭᠡᠷ ᠰᠠᠭᠤᠵᠤ ᠪᠡᠯᠡᠨ ᠢ ᠢᠳᠡᠵᠤ ᠰᠠᠭᠤᠭ᠎ᠠ ᠦᠭᠡᠢ᠂ ᠬᠠᠷᠢᠨ ᠢᠳᠡᠪᠬᠢᠲᠡᠢ ᠪᠠᠷ ᠠᠵᠢᠯ ᠣᠯᠵᠤ ᠦᠢᠯᠡᠰ ᠪᠤᠰᠬᠠᠵᠤ᠂

ᠰᠠᠶᠢᠨ ᠰᠠᠶᠢᠬᠠᠨ ᠰᠢᠨ᠎ᠡ ᠠᠮᠢᠳᠤᠷᠠᠯ ᠤᠨ ᠢᠶᠠᠨ ᠲᠥᠯᠥᠭᠡ ᠲᠠᠰᠤᠷᠠᠯᠲᠠ ᠦᠭᠡᠢ ᠴᠢᠷᠮᠠᠶᠢᠨ ᠲᠡᠮᠡᠴᠡᠭᠰᠡᠭᠡᠷ ᠪᠤᠢ᠃

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号