ᠲᠢᠶᠠᠨ ‍ᠤᠤᠢ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠡᠢ
ᠨᠡᠶᠢᠲᠡᠯᠡᠭᠰᠡᠨ ᠴᠠᠭ᠄
2024/5/14
   ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ  ᠬᠤᠷᠴᠠ ᠣᠯᠠᠭᠠᠨ ᠴᠡᠴᠡᠭ ᠤᠨ ᠵᠢᠭᠤᠯᠴᠢᠯᠠᠯ ᠤᠨ ᠤᠯᠠᠷᠢᠯ ᠢ ᠤᠭᠲᠤᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ 5 ᠰᠠᠷ᠎ᠠ ᠶᠢᠨ 10 ᠤ ᠡᠳᠦᠷ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠡᠢ᠃ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠵᠣᠷᠢᠯᠭ᠎ᠠ ᠨᠢ ᠬᠠᠷᠢᠶ᠎ᠠ ᠣᠷᠣᠨ ᠤ ᠳᠣᠲᠣᠷᠠᠬᠢ ᠵᠠᠰᠠᠮᠠᠯ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠪᠠ ᠠᠷᠢᠭᠤᠨ ᠴᠡᠪᠡᠷ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠤᠯᠴᠢᠯᠠᠭᠴᠢᠳ ᠲᠤ ᠴᠡᠪᠡᠷ ᠲᠡᠭᠰᠢ᠂ ᠲᠠᠭᠠᠯᠠᠮᠵᠢᠲᠠᠶ ᠵᠢᠭᠤᠯᠴᠢᠯᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠶᠢᠨ ᠲᠥᠯᠥᠭᠡ ᠶᠤᠮ᠃    ᠲᠣᠰ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠵᠠᠰᠠᠬᠤ ᠠᠵᠢᠯᠯᠠᠭ᠎ᠠ ᠳᠤ ᠪᠥᠬᠦ ᠪᠠᠯᠭᠠᠰᠤᠨ ᠤ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠵᠠᠰᠠᠮᠠᠯ ᠵᠠᠮ ᠳᠠᠭᠠᠤ ᠶᠢᠨ ᠠᠮᠢᠳᠤᠷᠠᠯ ᠤᠨ ᠬᠤᠭ ᠨᠣᠪᠰᠢ᠂ ᠴᠠᠭᠠᠨ ᠥᠩᠭᠡᠳᠣ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠬᠤᠭ ᠨᠣᠪᠰᠢ ᠶᠢ ᠭᠤᠤᠯᠳᠠᠯᠭ᠎ᠠ ᠲᠠᠢ ᠴᠡᠪᠡᠷᠯᠡᠪᠡ᠃ ᠲᠣᠰ ᠤᠳᠠᠭᠠᠨ ᠤ ᠲᠥᠪᠯᠡᠷᠡᠭᠦᠯᠦᠨ ᠴᠡᠪᠡᠷᠯᠡᠬᠦ ᠪᠠᠷ ᠳᠡᠮᠵᠢᠨ᠂ ᠪᠥᠬᠦ ᠪᠠᠯᠭᠠᠰᠤᠨ ᠤ ᠬᠠᠷᠢᠶ᠎ᠠ ᠲᠣᠭᠤᠷᠢᠭ ᠤᠨ ᠳᠣᠲᠣᠷᠠᠬᠢ ᠵᠠᠰᠠᠮᠠᠯ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠴᠤ᠋ ᠰᠢᠨ᠎ᠡ ᠪᠠᠶᠢᠳᠡᠯ ᠲᠠᠢ ᠪᠣᠯᠵᠣ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠬᠠᠷᠢᠶ᠎ᠠ ᠲᠣᠭᠤᠷᠢᠭ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠦᠨᠡᠨ ᠬᠦ ᠦᠷ᠎ᠡ ᠪᠦᠲᠦᠮᠵᠢ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠳᠠᠷᠠᠭᠠᠴᠢ ᠪᠠᠷ᠂ ᠲᠢᠶᠠᠨ ‍ᠤᠤᠢ ᠪᠠᠯᠭᠠᠰᠤ ᠶᠢᠨ ᠬᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠣᠨ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ᠂ ᠵᠣᠯ ᠵᠢᠷᠭᠠᠯ ᠤᠨ ᠲᠦᠷᠦᠭᠳᠡᠯ ᠢ ᠰᠢᠯᠭᠠᠬᠤ ᠰᠢᠯᠭᠠᠭᠤᠷ ᠪᠣᠯᠭᠠᠵᠤ᠂ ︽ᠰᠢᠶᠠᠩ ᠪᠠᠯᠭᠠᠰᠤᠨ ᠤ ᠲᠦᠷᠢ ᠲᠦᠷᠬᠦ︾ ᠪᠣᠯᠤᠨ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠲᠢᠶᠠᠨ ‍ᠤᠤᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号