ᠢᠷᠪᠢᠰ ᠵᠡᠭᠡᠯᠢ  ᠲᠡᠯᠡᠭᠡᠢ ᠶᠢᠨ ᠰᠤᠪᠢᠯᠠᠭᠴᠢ ᠶᠢᠨ ᠪᠠᠶᠠᠷ ᠤᠨ ᠲᠣᠬᠤᠨᠢᠭᠤᠯᠭ᠎ᠠ ᠬᠢᠵᠡᠢ
ᠨᠡᠶᠢᠲᠡᠯᠡᠭᠰᠡᠨ ᠴᠠᠭ᠄
2024/5/14
   113 ᠳ᠋ᠤᠭᠠᠷ ᠳᠡᠯᠡᠬᠡᠢ ᠶᠢᠨ ᠰᠤᠪᠢᠯᠠᠭᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠦᠬᠦ ᠡᠮᠴᠢ ᠰᠤᠪᠢᠯᠠᠭᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠬᠤ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ︽ᠴᠡᠴᠡᠭ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ ︿ᠬᠠᠮᠤᠭ ᠤᠨ ᠭᠤᠶᠤ ᠠᠨᠴᠢᠯ﹀ ᠳᠤ ᠬᠦᠨᠳᠦᠳᠬᠡᠯ ᠳᠡᠪᠰᠢᠭᠦᠯᠬᠦ︾ ᠰᠤᠪᠢᠯᠠᠭᠴᠢᠳ ᠤᠨ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠷᠠᠰᠢᠶᠠᠨ ᠳᠠᠬᠢ ᠬᠤᠪᠢᠶᠠᠷᠢ ᠬᠤᠷᠢᠶ᠎ᠠ ᠶᠢᠨ ᠡᠮᠴᠢ ᠰᠤᠪᠢᠯᠠᠭᠴᠢᠳ ᠲᠤ ᠪᠠᠶᠠᠷ ᠤᠨ ᠡᠳᠦᠷ ᠤᠨ ᠵᠥᠩᠨᠡᠯ ᠪᠠ ᠮᠡᠨᠳᠦᠴᠢᠯᠡᠯ ᠬᠦᠷᠭᠡᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠨᠡᠶᠢᠭᠡᠮ ᠲᠣᠭᠤᠷᠢᠭ ᠤᠨ ᠠᠵᠢᠯᠲᠠᠳ ᠢ ᠳᠠᠭᠠᠭᠤᠯᠤᠨ ᠬᠥᠬᠢᠭᠦᠯᠦᠨ ᠰᠠᠶᠢᠰᠢᠶᠠᠭᠰᠠᠨ ᠰᠢᠯᠢᠳᠡᠭ ᠰᠤᠪᠢᠯᠠᠭᠴᠢᠳ ᠲᠤ ᠰᠣᠷᠭᠤᠭ ᠴᠡᠴᠡᠭ ᠬᠦᠷᠭᠡᠭᠰᠡᠨ ᠤ ᠬᠠᠮᠲᠤ᠂ ︽ᠡᠮ ᠡᠮᠨᠡᠯᠭᠡ ᠶᠢᠨ ᠹᠷᠣᠨᠲ ᠲᠤ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠣ ᠪᠠᠶᠢᠭ᠎ᠠ ᠰᠤᠪᠢᠯᠠᠭᠴᠢᠳ ᠲᠤ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠦᠶ᠎ᠡ᠂ ᠲᠠᠨᠠᠷ ᠵᠦᠳᠡᠷᠡᠯ᠎ᠡ︕ ᠲᠠᠨᠠᠷ ᠤᠨ ᠪᠠᠶᠠᠷ ᠤᠨ ᠡᠳᠦᠷ ᠤᠨ ᠮᠡᠨᠳᠦ ᠬᠦᠷᠭᠡᠶ᠎ᠡ︕︾ ᠭᠡᠵᠦ ᠢᠯᠡᠳᠬᠡᠪᠡ᠃    ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠷᠠᠰᠢᠶᠠᠨ ᠳᠠᠬᠢ ᠬᠤᠪᠢᠶᠠᠷᠢ ᠬᠤᠷᠢᠶ᠎ᠠ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠲᠠᠢ ᠦᠷᠭᠦᠯᠵᠢᠯᠡᠨ ᠭᠦᠨᠵᠡᠭᠡᠶ ᠬᠤᠯᠪᠣᠭᠠᠯᠠᠨ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ ᠶᠢ ᠪᠠᠷᠢᠮᠲᠠᠯᠠᠨ᠂ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠲᠤ ᠪᠠᠷ ᠰᠠᠬᠢᠨ ᠬᠠᠮᠠᠭᠠᠯᠠᠨ᠎ᠠ ᠭᠡᠵᠡᠶ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠨᠡᠶᠢᠭᠡᠮ ᠲᠣᠭᠤᠷᠢᠭ ᠪᠣᠯᠤᠨ ᠬᠠᠷᠢᠶ᠎ᠠ ᠣᠷᠣᠨ ᠤ ᠬᠠᠮᠲᠤ ᠪᠠᠷ ᠪᠠᠶᠢᠭᠤᠯᠬᠤ ᠨᠢᠭᠡᠴᠢ ᠶᠢᠨ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠭᠰᠡᠨ ᠪᠥᠭᠡᠳ ᠪᠥᠬᠦ ᠨᠡᠶᠢᠭᠡᠮ ᠢᠶᠠᠷ ᠢᠶᠠᠨ ᠡᠮᠴᠢ ᠰᠤᠪᠢᠯᠠᠭᠴᠢ ᠶᠢᠨ ᠠᠵᠢᠯ ᠮᠡᠷᠭᠡᠵᠢᠯ ᠤᠨ ᠲᠤᠬᠠᠶ ᠰᠢᠨ᠎ᠡ ᠲᠠᠨᠢᠯᠲᠠ ᠲᠠᠢ ᠪᠣᠯᠵᠣ᠂ ᠡᠮᠴᠢ ᠰᠤᠪᠢᠯᠠᠭᠴᠢ ᠶᠢ ᠬᠦᠨᠳᠦᠳᠬᠡᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号