ᠸᠧᠨᠴᠢᠣᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
   ᠠᠮᠢᠨ ᠬᠡᠷᠡᠭ ᠡᠭᠦᠰᠭᠡᠬᠦ ᠠᠮᠤᠷ ᠲᠦᠪᠰᠢᠨ ᠤ ᠬᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ᠲᠤ ︽ᠠᠮᠤᠷ ᠲᠦᠪᠰᠢᠨ ᠡᠶ᠎ᠡ ᠵᠣᠬᠢᠴᠠᠯ ᠲᠠᠢ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ︾ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭᠠᠨ ᠤ ᠳᠤᠮᠳᠠ᠂  ᠡᠷᠣᠭᠡ ᠪᠠᠷ ᠬᠦᠨᠵᠡᠭᠡᠶᠢᠷᠡᠵᠣ᠂ ᠬᠥᠮᠦᠨ ᠪᠣᠯᠭᠠᠨ ᠲᠥᠷᠥ ᠶᠢᠨ ᠪᠣᠳᠣᠯᠭ᠎ᠠ ᠶᠢ ᠰᠠᠶᠢᠳᠣᠷ ᠣᠶᠢᠯᠠᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠲᠣᠣᠷᠵᠢᠭᠤᠯᠣᠬᠴᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠬᠠᠭᠤᠯᠭ᠎ᠠ ᠶᠢᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠢᠶᠠᠷ ᠭᠦᠨᠵᠡᠭᠡᠶᠢᠷᠡᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ ᠭᠠᠷ ᠠᠪᠣᠯᠭ᠎ᠠ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠥᠭᠴᠦ᠂ ᠠᠮᠢᠨ ᠬᠡᠷᠡᠭ ᠤᠨ ᠡᠬᠦᠰᠬᠦ ᠶᠢᠨ ᠭᠤᠤᠯ ᠰᠢᠯᠲᠠᠭᠠᠨ ᠪᠠ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠦᠷ᠎ᠡ ᠳ᠋ᠦᠩ ᠢ  ᠲᠣᠳᠣᠷᠬᠠᠢ ᠲᠠᠶᠢᠪᠣᠷᠢᠯᠡᠨ ᠦᠭᠴᠠᠢ᠃    ᠲᠣᠰ ᠤᠳᠠᠭᠠᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠡᠷᠭᠡᠶᠢᠯᠡᠬᠦ ᠤᠬᠠᠮᠰᠠᠷ ᠤᠨ ᠴᠢᠬᠤᠯᠠ ᠴᠢᠨᠠᠷ ᠢ ᠬᠦᠢᠴᠡᠳ ᠲᠠᠨᠢᠭᠤᠯᠵᠤ᠂ ᠰᠠᠭᠤᠭᠠᠯᠢ ᠠᠷᠠᠳ ᠤᠨ ᠠᠮᠤᠷ ᠠᠮᠤᠭᠤᠯᠠᠩ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠤᠭᠰᠠᠨ ᠢᠶᠠᠷ ᠪᠠᠷᠠᠬᠤ ᠥᠬᠡᠶ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号