ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠳᠤ ᠲᠣᠭᠠᠴᠠᠭᠳᠠᠨ᠎ᠠ᠄ | ︵ᠨᠢᠭᠡ︶ ᠮᠠᠯ ᠤᠨ ᠡᠮ ᠪᠤᠰᠤ ᠵᠦᠢᠯ ᠢᠶᠠᠷ ᠮᠠᠯ ᠤᠨ ᠡᠮ ᠢ ᠣᠷᠣᠯᠠᠭᠤᠯᠤᠭᠰᠠᠨ ᠪᠤᠶᠤ ᠪᠤᠰᠤᠳ ᠵᠦᠢᠯ ᠤᠨ | ᠮᠠᠯ ᠤᠨ ᠡᠮ ᠢᠶᠠᠷ ᠲᠤᠰ ᠵᠦᠢᠯ ᠤᠨ ᠮᠠᠯ ᠤᠨ ᠡᠮ ᠢ ᠣᠷᠣᠯᠠᠭᠤᠯᠤᠭᠰᠠᠨ᠃ | ︵ᠬᠤᠶᠠᠷ︶ ᠮᠠᠯ ᠤᠨ ᠡᠮ ᠳᠤ ᠠᠭᠤᠯᠤᠭᠳᠠᠬᠤ ᠪᠦᠷᠢᠯᠳᠦᠭᠦᠨ ᠤ ᠲᠦᠷᠦᠯ ᠵᠦᠢᠯ᠂ ᠨᠡᠷᠡᠶᠢᠳᠦᠯ ᠨᠢ ᠮᠠᠯ ᠤᠨ | ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠢᠶᠠᠷ ᠰᠢᠢᠳᠪᠦᠷᠢᠯᠡᠨ᠎ᠡ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠬᠡᠷᠡᠭᠯᠡᠬᠦ ᠶᠢ ᠴᠠᠭᠠᠵᠠᠯᠠᠭᠰᠠᠨ᠃ | ︵ᠬᠤᠶᠠᠷ︶ ᠲᠤᠰ ᠳᠦᠷᠢᠮ ᠤᠨ ᠲᠣᠭᠲᠠᠭᠠᠯ ᠶᠣᠰᠣᠭᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠶᠣᠰᠣᠲᠠᠢ | ᠪᠠᠶᠢᠲᠠᠯ᠎ᠠ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠦᠢᠯᠡᠳᠪᠦᠷᠢᠯᠡᠭᠰᠡᠨ ᠪᠤᠶᠤ ᠭᠠᠳᠠᠭᠠᠳᠤ ᠠᠴᠠ | ᠣᠷᠣᠭᠤᠯᠤᠭᠰᠠᠨ᠂ ᠡᠰᠡᠬᠦᠯ᠎ᠡ ᠲᠤᠰ ᠳᠦᠷᠢᠮ ᠤᠨ ᠲᠣᠭᠲᠠᠭᠠᠯ ᠶᠣᠰᠣᠭᠠᠷ ᠰᠤᠭᠤᠴᠢᠨ ᠪᠠᠶᠢᠴᠠᠭᠠᠵᠤ ᠰᠢᠯᠭᠠᠨ | ᠪᠠᠶᠢᠴᠠᠭᠠᠬᠤ᠂ ᠬᠢᠨᠠᠨ ᠪᠠᠶᠢᠴᠠᠭᠠᠵᠤ ᠬᠠᠷᠭᠤᠭᠤᠯᠬᠤ ᠶᠣᠰᠣᠲᠠᠢ ᠪᠠᠶᠢᠲᠠᠯ᠎ᠠ ᠰᠤᠭᠤᠴᠢᠨ ᠪᠠᠶᠢᠴᠠᠭᠠᠵᠤ ᠰᠢᠯᠭᠠᠨ | ᠪᠠᠶᠢᠴᠠᠭᠠᠭᠰᠠᠨ ᠦᠭᠡᠢ᠂ ᠬᠢᠨᠠᠨ ᠪᠠᠶᠢᠴᠠᠭᠠᠵᠤ ᠬᠠᠷᠭᠤᠭᠤᠯᠤᠭᠰᠠᠨ ᠦᠭᠡᠢ ᠪᠠᠷ ᠪᠣᠷᠣᠯᠠᠭᠤᠯᠤᠭᠰᠠᠨ᠂ | ᠭᠠᠳᠠᠭᠠᠳᠤ ᠠᠴᠠ ᠣᠷᠣᠭᠤᠯᠤᠭᠰᠠᠨ᠃ | ︵ᠭᠤᠷᠪᠠ︶ ᠴᠢᠨᠠᠷ ᠨᠢ ᠬᠤᠪᠢᠷᠠᠭᠰᠠᠨ᠃ | ︵ᠳᠥᠷᠪᠡ︶ ᠪᠣᠬᠢᠷᠲᠤᠭᠳᠠᠭᠰᠠᠨ᠃ | ︵ᠲᠠᠪᠤ︶ ᠲᠣᠬᠢᠷᠠᠬᠤ ᠡᠪᠡᠳᠴᠢᠨ ᠪᠤᠶᠤ ᠦᠢᠯᠡᠳᠦᠯ ᠴᠢᠳᠠᠪᠬᠢ ᠶᠢᠨ ᠭᠤᠣᠯ ᠵᠠᠰᠠᠯᠲᠠ ᠨᠢ ᠲᠣᠭᠲᠠᠭᠠᠭᠰᠠᠨ ᠬᠦᠷᠢᠶ᠎ᠡ | ᠬᠡᠪᠴᠢᠶ᠎ᠡ ᠠᠴᠠ ᠬᠡᠲᠦᠷᠡᠭᠰᠡᠨ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠴᠢᠨᠠᠷ ᠮᠠᠭᠤᠲᠠᠢ ᠮᠠᠯ ᠤᠨ ᠡᠮ ᠳᠤ ᠲᠣᠭᠠᠴᠠᠭᠳᠠᠨ᠎ᠠ᠄ | ︵ᠨᠢᠭᠡ︶ ᠪᠦᠷᠢᠯᠳᠦᠭᠦᠨ ᠤ ᠠᠭᠤᠯᠤᠭᠳᠠᠴᠠ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ | ᠪᠤᠶᠤ ᠬᠦᠴᠦᠨ ᠲᠠᠢ ᠪᠦᠷᠢᠯᠳᠦᠭᠦᠨ ᠢ ᠲᠣᠳᠣᠷᠬᠠᠶᠢᠯᠠᠭᠰᠠᠨ ᠦᠭᠡᠢ᠃ | ︵ᠬᠤᠶᠠᠷ︶ ᠬᠦᠴᠦᠨ ᠲᠠᠢ ᠬᠤᠭᠤᠴᠠᠭ᠎ᠠ ᠶᠢ ᠨᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ ᠪᠤᠶᠤ | ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ᠃ | ︵ᠭᠤᠷᠪᠠ︶ ᠦᠢᠯᠡᠳᠬᠦᠨ ᠤ ᠵᠥᠪᠰᠢᠶᠡᠷᠡᠭᠰᠡᠨ ᠳ᠋ᠤᠭᠠᠷ ᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ᠃ | ︵ᠳᠥᠷᠪᠡ︶ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠪᠠᠴᠤ ᠬᠠᠭᠤᠷᠮᠠᠭ ᠮᠠᠯ ᠤᠨ | ᠡᠮ ᠳᠤ ᠲᠣᠭᠠᠴᠠᠭᠳᠠᠬᠤ ᠦᠭᠡᠢ ᠪᠤᠰᠤᠳ ᠵᠦᠢᠯ᠃ | |