ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/15
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠬᠴᠠᠯᠠᠵᠣ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠠᠷᠡᠳ ᠣᠯᠡᠨ ᠤ ᠰᠠᠳᠬᠢᠯ ᠵᠢᠷᠣᠭᠡᠨ ᠳᠤ ᠬᠠᠳᠠᠩᠰᠢᠭᠤᠯᠬᠤ ᠶᠢ ᠦᠨᠡᠨ ᠬᠦ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 14 ᠤ ᠦᠳᠡ ᠶᠢᠨ ᠬᠤᠶᠢᠨ᠎ᠠ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠶᠢ ᠠᠬᠢᠭᠤᠯᠬᠤ ᠨᠡᠶᠢᠭᠡᠯᠢᠭ ᠠᠴᠠ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃     ᠠᠵᠢᠯᠯᠠᠭᠠᠨ ᠤ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠭᠡᠰᠢᠭᠦᠳ ᠲᠦᠬᠦᠮ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠣ ᠴᠣᠬᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ᠤᠨ ᠶᠡᠷᠦᠩᠬᠡᠶ ᠳᠦᠷᠢᠮ᠂ ᠳᠤᠮᠳᠠᠳᠤ ᠶᠢᠨ ᠰᠣᠶᠣᠯ ᠢ ᠮᠡᠳᠡᠷᠡᠬᠦ ᠪᠠ ᠰᠣᠶᠣᠯ ᠢ ᠤᠯᠠᠮᠵᠢᠯᠠᠬᠤ ᠶᠢ ᠠᠬᠢᠭᠤᠯᠬᠤ ᠵᠢᠴᠢ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠶᠢᠨ ᠠᠭᠤᠯᠭ᠎ᠠ  ᠶᠢ ᠨᠠᠷᠢᠨ ᠲᠠᠶᠢᠯᠪᠤᠷᠢᠯᠠᠵᠤ ᠥᠭᠴᠠᠢ᠃ ᠵᠣᠷᠢᠯᠭ᠎ᠠ ᠨᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠶᠢᠴᠢᠯᠡᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ︽ᠭᠤᠷᠪᠠᠨ ᠰᠠᠯᠵᠤ ᠴᠢᠳᠠᠬᠤ ᠦᠭᠡᠶ︾ ︽ᠳᠥᠷᠪᠡᠨ ᠬᠠᠮᠲᠤ ᠪᠠᠷ ᠣᠷᠣᠰᠢᠬᠤ︾ ︽ᠲᠠᠪᠣᠨ ᠬᠠᠮᠳᠣ ᠶᠢᠨ ᠲᠠᠨᠢᠯᠳᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠲᠡᠳᠡᠨᠡᠷ ᠤᠨ ᠰᠡᠳᠬᠢᠯ ᠳᠤ ᠭᠦᠨ ᠦᠨᠳᠦᠰᠦᠯᠡᠭᠦᠯᠬᠦ ᠶᠢᠨ ᠲᠥᠯᠥᠭᠡ ᠶᠤᠮ᠃     ᠳᠠᠷᠠᠭᠠᠴᠢ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠠᠬᠢᠭᠤᠯᠬᠤ ᠨᠡᠶᠢᠭᠡᠮᠯᠢᠭ ᠤᠨ ᠭᠡᠰᠢᠭᠦᠳ ᠬᠠᠷᠢᠶ᠎ᠠ ᠣᠷᠣᠨ ᠤ ᠠᠭᠤᠳᠠᠮ ᠲᠠᠯᠠᠪᠠᠢ ᠪᠠᠷ ᠭᠦᠨᠵᠡᠭᠡᠶᠢᠷᠡᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠶᠢᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠡᠰᠣ ᠶᠢ ᠲᠠᠷᠬᠠᠭᠠᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠨᠡᠩ ᠬᠦᠨ ᠬᠠᠳᠡᠩᠰᠢᠭᠤᠯᠣᠨ᠎ᠠ᠃     ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠪᠠᠲᠤ ᠴᠣᠭᠴᠠᠯᠠᠬᠤ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠦᠨᠡᠨ ᠬᠦ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号