ᠬᠤᠷᠴᠠ ᠤᠯᠠᠭᠠᠨ ᠴᠡᠴᠡᠭ ᠢ ᠰᠤᠨᠢᠷᠬᠠᠨ  ᠵᠣᠭᠠᠴᠠᠬᠤ ᠵᠢᠴᠢ  ᠬᠤᠭᠤᠰᠣᠨᠵᠢᠯᠠᠭ᠎ᠠ ᠪᠠᠷ ᠠᠯᠬᠤᠬᠤ  ᠠᠵᠢᠯᠯᠠᠭ᠎ᠠ  ᠶᠢᠨ ᠲᠣᠬᠠᠢ ᠲᠣᠰᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2024/5/15
    ᠴᠠᠭ ᠠᠭᠤᠷ ᠲᠤᠯᠠᠭᠠᠷᠠᠬᠤ ᠶᠢ ᠲᠠᠭᠠᠯᠳᠤᠨ᠂ ᠬᠢᠩᠭᠠᠨ ᠠᠶᠢᠮᠠᠭ ᠤᠨ ᠷᠠᠰᠢᠶᠠᠨ ᠤ ᠬᠤᠷᠴᠠ ᠤᠯᠠᠭᠠᠨ ᠴᠡᠴᠡᠭ ᠪᠠᠳᠠᠷᠠᠨ ᠲᠡᠯᠭᠡᠷᠡᠪᠠ᠃ 5 ᠰᠠᠷ᠎ᠠ ᠶᠢᠨ 12 ᠤᠨ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ ᠵᠢᠴᠢ ᠬᠤᠭᠤᠰᠣᠨᠵᠢᠯᠠᠭ᠎ᠠ ᠪᠠᠷ ᠠᠯᠬᠤᠬᠤ ᠡᠬᠢᠯᠡᠯᠲᠡ ᠶᠢᠨ ᠶᠣᠰᠣᠯᠠᠯ ᠢᠳᠡ ᠬᠦᠭ ᠲᠠᠢ ᠶᠠᠪᠤᠬᠳᠠᠵᠦ᠂ ᠳᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠡᠳ ᠤᠨ ᠰᠣᠨᠢᠷᠬᠠᠯ ᠢ ᠲᠠᠲᠠᠪᠠ᠃      ᠶᠣᠰᠣᠯᠠᠯ ᠢ ︽ᠲᠠᠨ ᠢ ᠤᠷᠢᠵᠤ ᠬᠠᠮᠲᠤ ᠪᠠᠷ ᠠᠭᠤᠯᠠᠨ ᠳᠤ ᠭᠠᠷᠰᠤᠭᠠᠢ︾ ᠭᠡᠬᠦ ᠪᠦᠵᠢᠭ ᠢᠶᠠᠷ ᠡᠬᠢᠯᠡᠬᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠦᠭ ᠠᠶᠠᠰ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠰᠡᠳᠭᠢᠯᠭᠡ ᠶᠢ ᠬᠥᠭᠵᠢᠭᠡᠵᠡᠢ᠃ ᠶᠣᠰᠣᠯᠠᠯ ᠤᠨ ᠲᠤᠬᠠᠢ ᠶᠢᠨ ᠲᠠᠯᠠᠪᠠᠢ ᠳᠤ ᠷᠠᠰᠢᠶᠠᠨ ᠤ ᠵᠢᠭᠤᠯᠴᠢᠯᠠᠯ ᠤᠨ ᠠᠷᠪᠠᠨ ᠰᠣᠳᠣᠨ ᠵᠠᠮ᠂ ᠵᠢᠭᠤᠯᠴᠢᠯᠠᠯ ᠤᠨ ᠪᠦᠲᠦᠭᠡᠭᠳᠡᠬᠦᠨ ᠵᠢᠴᠢ ︽ᠤᠷᠤᠯᠳᠤᠭᠠᠨ ᠢ ᠲᠠᠭᠠᠵᠦ ᠵᠢᠭᠤᠯᠴᠢᠯᠠᠬᠤ︾ ᠠᠵᠢᠯᠯᠠᠭ᠎ᠠ ᠶᠢᠨ ᠲᠥᠯᠥᠪᠯᠡᠭᠡ ᠶᠢ ᠨᠡᠶᠢᠲᠡᠯᠡᠵᠦ᠂ ᠵᠢᠭᠤᠯᠴᠢᠯᠠᠯ ᠤᠨ ᠪᠠᠶᠠᠷ ᠪᠠᠭ᠋ᠠᠳᠤᠯ ᠢ ᠵᠢᠭᠤᠯᠴᠢᠯᠠᠭᠴᠢᠳ ᠲᠤ ᠪᠡᠶᠡᠴᠢᠯᠡᠨ ᠤᠶᠢᠯᠠᠭᠠᠭᠤᠯᠵᠠᠢ ᠃ ᠲᠤᠰ ᠤᠳᠠᠭ᠎ᠠ ᠪᠠᠰᠠ ︽ᠳᠤᠮᠳᠠᠳᠤ ᠤᠯᠤᠰ ᠢᠶᠠᠷ ᠲᠠᠭᠠᠳᠠᠢ ᠵᠢᠭᠤᠯᠴᠢᠯᠠᠵᠦ ᠵᠤᠯ ᠵᠢᠷᠭᠠᠯᠳᠦ ᠠᠮᠢᠳᠤᠷᠠᠯ ᠢ ᠡᠳ᠋ᠯᠡᠶ᠎ᠡ︾ ᠭᠡᠬᠦ ᠷᠠᠰᠢᠶᠠᠨ ᠤ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠭᠤᠣᠯ ᠰᠡᠳᠦᠪᠲᠦ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠳᠦ ᠺᠤᠮᠫᠠᠨᠢ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠯ ᠤᠨ ᠠᠵᠤ ᠠᠬᠤᠶᠢᠯᠠᠯ ᠲᠠᠢ ᠵᠢᠭᠤᠯᠴᠢᠯᠠᠯ ᠤᠨ ᠵᠠᠬ᠎ᠠ ᠲᠡᠯᠭᠡᠬᠦᠷ ᠢ ᠬᠠᠮᠳᠦᠪᠡᠷ ᠨᠡᠭᠡᠭᠡᠬᠦ ᠵᠢᠴᠢ ᠬᠠᠮᠵᠢᠯᠴᠠᠬᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠵᠦ᠂ ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠴᠢᠨᠠᠭᠰᠢᠳᠠ ᠠᠬᠢᠭᠤᠯᠵᠠᠢ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ ᠠᠵᠢᠯᠯᠠᠭ᠎ᠠ ᠶᠢ ᠷᠠᠰᠢᠶᠠᠨ ᠬᠤᠳᠠ ᠶᠢᠨ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠰᠥᠩ ᠰᠧᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠣᠯᠤᠨ ᠬᠤᠭᠤᠰᠣᠨᠵᠢᠯᠠᠭ᠎ᠠ ᠤᠯᠤᠰ ᠤᠨ ᠣᠶ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠣᠷᠣᠨ ᠬᠠᠮᠲᠤᠷᠠᠨ ᠡᠷᠭᠢᠯᠡᠵᠠᠢ᠃ ᠭᠡᠬᠦ ᠳᠡᠭᠡᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ᠂ ᠦᠩᠭᠡ ᠦᠵᠡᠮᠵᠢ ᠶᠢᠨ ᠭᠡᠷᠡᠯ ᠵᠢᠷᠤᠭ ᠤᠨ ᠦᠵᠡᠬᠦᠯᠦᠯᠭᠡ ᠭᠠᠷᠭᠠᠬᠤ᠂ ᠢᠳᠡᠷᠡᠭᠦᠨ ᠠᠯᠬᠤᠭ᠎ᠠ ᠶᠢᠨ ᠤᠷᠤᠯᠳᠤᠭᠠᠨ᠂ ᠭᠡᠷᠡᠯ ᠵᠢᠷᠤᠭ ᠤᠨ ᠤᠷᠤᠯᠳᠤᠭᠠᠨ᠂ ᠣᠬᠤᠷ ᠸᠢᠳᠢᠤ᠋ ᠶᠢᠨ ᠤᠷᠤᠯᠳᠤᠭᠠᠨ ᠵᠡᠷᠭᠡ ᠤᠷᠤᠯᠳᠤᠭᠠᠨ ᠮᠦᠷᠦ᠋ᠴᠡᠭᠡᠨ ᠶᠠᠪᠤᠬᠳᠠᠭᠤᠯᠬᠤ ᠪᠠᠷ ᠭᠤᠤᠯ ᠠᠭᠤᠯᠭ᠎ᠠ ᠪᠤᠯᠭᠠᠵᠦ᠂ ᠲᠠᠪᠤᠨ ᠰᠠᠷ᠎ᠠ ᠶᠢ ᠬᠤᠷᠴᠠ ᠤᠯᠠᠭᠠᠨ ᠴᠡᠴᠡᠭ ᠰᠤᠨᠢᠷᠬᠠᠨ ᠵᠢᠭᠤᠯᠴᠢᠯᠠᠬᠤ ᠰᠠᠷ᠎ᠠ ᠪᠤᠯᠭᠠᠵᠦ᠂ ᠷᠠᠰᠢᠶᠠᠨ ᠬᠤᠲᠠ ᠶᠢᠨ ᠵᠢᠭᠤᠯᠴᠢᠯᠠᠯ ᠤᠨ ᠬᠥᠭᠵᠢᠯᠲᠡᠶ ᠤᠯᠠᠷᠢᠯ ᠤᠨ ᠬᠥᠰᠢᠭᠡ ᠶᠢ ᠰᠡᠭᠦᠭᠰᠡᠨ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠷᠠᠰᠢᠶᠠᠨ ᠬᠤᠲᠠ ᠶᠢᠨ ᠬᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠰᠤᠶᠤᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠠᠶᠠᠷ ᠳᠤᠷᠠᠰᠬᠠᠯ ᠤᠨ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠵᠦ᠂ ᠷᠠᠰᠢᠶᠠᠨ ᠤ ᠵᠢᠭᠤᠯᠴᠢᠯᠠᠯ ᠢ ᠤᠯᠠᠮ ᠬᠥᠷ ᠬᠥᠭᠵᠢᠶᠡᠨ ᠲᠠᠢ ᠪᠤᠯᠭᠠᠵᠠᠢ᠃      ︽ᠠᠳᠡᠬᠢ ᠣᠷᠴᠢᠨ ᠲᠣᠭᠤᠷᠢᠨ ᠭᠤᠶᠤ᠂ ᠠᠭᠤᠷ ᠠᠮᠢᠰᠬᠤᠯ ᠲᠠᠭᠠᠯᠠᠮᠵᠢᠳᠠᠢ᠂ ᠬᠤᠷᠴᠠ ᠤᠯᠠᠭᠠᠨ ᠴᠡᠴᠡᠭ ᠣᠨᠴᠠᠭᠠᠢ ᠰᠠᠶᠢᠠᠬᠨ᠃ ᠷᠠᠰᠢᠶᠠᠨ ᠳᠤ ᠢᠷᠡᠵᠦ ᠵᠢᠭᠤᠯᠴᠢᠯᠠᠭᠠᠳ ᠭᠤᠶᠤ ᠰᠠᠶᠢᠬᠠᠨ ᠬᠤᠷᠴᠠ ᠤᠯᠠᠭᠠᠨ ᠴᠡᠴᠡᠭ ᠢ ᠰᠤᠨᠢᠷᠬᠠᠬᠰᠠᠨ ᠢᠶᠠᠷ ᠪᠠᠷᠠᠬᠤ ᠦᠭᠡᠢ ᠠᠯᠬᠤᠬᠤ ᠠᠵᠢᠯᠯᠠᠭ᠎ᠠ ᠳᠤ ᠴᠤ ᠤᠷᠤᠯᠴᠠᠵᠠᠢ︾ ᠭᠡᠵᠦ ᠬᠥᠯᠥᠨ ᠪᠤᠶᠢᠷ ᠬᠤᠳᠠ ᠶᠢᠨ ᠵᠢᠭᠤᠯᠴᠢᠯᠠᠭᠴᠢ ᠸᠠᠩ ᠮᠢᠨ ᠰᠢᠶᠠᠩ ᠬᠡᠯᠡᠵᠦ ᠪᠠᠶᠢᠯ᠎ᠠ᠃ ︵ᠰᠢᠦ ᠰᠢᠦ ᠪᠢᠯᠢᠭ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号