︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/5/15
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹2024︺ 15 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠬᠠᠮᠢᠶ᠎ᠠ ᠪᠦᠬᠦᠢ ᠠᠭᠤᠯᠭ᠎ᠠ ᠶᠢ ᠨᠠᠩ‌‍ᠰᠠᠶᠢᠨ ᠣᠶᠢᠯᠠᠭᠠᠬᠤ ᠳᠤ ᠳᠥᠭᠦᠮᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠪᠡ᠃     ᠨᠢᠭᠡ᠂ ᠨᠡᠶᠢᠲᠡᠯᠡᠭᠰᠡᠨ ᠠᠬᠤᠢ ᠪᠠᠶᠢᠳᠠᠯ     2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ︵ᠲᠥᠷᠥ ᠲᠠᠷᠬᠠᠭᠠᠭᠰᠠᠨ ︹2024︺ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 16 ᠵᠤᠷᠪᠤᠰ ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ 13 ᠨᠠᠷᠢᠨ ᠲᠠᠩᠰᠠ ᠶᠢ ᠲᠣᠳᠣᠷᠬᠠᠢ ᠲᠣᠭᠲᠠᠭᠠᠪᠠ᠃ ᠲᠥᠷᠥ ᠵᠢᠨ‌‍ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠤᠭᠤᠷᠪᠢᠪᠠ᠃ ︽ᠬᠡᠷᠡᠭᠵᠢᠭᠦᠯᠬᠦ ᠰᠠᠨᠠᠯ︾ ᠳᠤ ᠤᠷᠢᠳ ᠬᠤᠵᠢᠳ 12 ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 39 ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ‍ᠤᠨ‌ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠴᠢᠨᠠᠷ ᠢ ᠨᠢ ᠬᠢᠨᠠᠨ ᠪᠠᠶᠢᠴᠠᠭᠠᠵᠤ᠂ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠳᠤᠯᠠᠭᠤᠯᠪᠠ᠃ᠬᠤᠶᠠᠷ᠂ ᠭᠤᠣᠯ ᠠᠭᠤᠯᠭ᠎ᠠ︽ᠬᠡᠷᠡᠭᠵᠢᠭᠦᠯᠬᠦ ᠰᠠᠨᠠᠯ︾ ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ 3 ᠬᠡᠰᠡᠭ ᠢ ᠪᠠᠭᠲᠠᠭᠠᠨ᠎ᠠ᠃    ︵ᠨᠢᠭᠡ︶ ᠶᠡᠷᠦᠩᠬᠡᠢ ᠬᠠᠷᠠᠯᠲᠠ᠃ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠄ 2024 ᠣᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽5 + 8 +3+ N︾ ︽ᠨᠢᠭᠡ ᠠᠵᠢᠯ ᠶᠠᠪᠤᠳᠠᠯ︾ ︵︽5︾ ᠨᠢ ᠰᠦᠯᠵᠢᠶᠡᠨ ᠳᠤ ᠣᠷᠣᠭᠤᠯᠤᠭᠰᠠᠨ 5 ︽ᠨᠢᠭᠡ ᠠᠵᠢᠯ ᠶᠠᠪᠤᠳᠠᠯ︾ ᠢ ᠳᠡᠰ ᠳᠡᠪᠰᠢᠭᠦᠯᠬᠦ᠂ ︽8︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠨᠡᠮᠡᠭᠰᠡᠨ 8 ︽ᠨᠢᠭᠡ ᠠᠵᠢᠯ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ᠂ ︽3︾ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠢ ᠬᠦᠴᠦ ᠪᠠᠨ ᠨᠡᠶᠢᠯᠡᠭᠦᠯᠦᠨ ᠰᠠᠶᠢᠲᠤᠷ ᠠᠳᠬᠤᠬᠤ ᠂ ︽N︾ ᠨᠢ ᠡᠯ᠎ᠡ ᠭᠠᠵᠠᠷ ᠣᠷᠣᠨ ᠤ ᠣᠷᠣᠨ ᠨᠤᠲᠤᠭ ᠤᠨ ᠣᠨᠴᠠᠯᠢᠭ ᠲᠠᠢ N ︽ᠨᠢᠭᠡ ᠠᠵᠢᠯ ᠶᠠᠪᠤᠳᠠᠯ︾ ᠢ ᠳᠠᠶᠢᠴᠢᠯᠠᠬᠤ︶ ᠢ ᠰᠢᠨ᠎ᠡ ᠶᠢ ᠡᠭᠦᠳᠬᠦ ᠶᠢ ᠥᠷᠭᠡᠨ ᠢᠶᠠᠷ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮᠯᠡᠬᠦ ᠬᠠᠯᠠᠮᠰᠢᠯ ᠤᠲᠠᠰᠤ ᠶᠢ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠷ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠲᠤ ᠦᠢᠯᠡᠴᠢᠯᠡᠭᠡᠨ ᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ ᠣᠶᠤᠨᠲᠤ ᠳᠥᠭᠦᠮ᠂ ᠡᠷᠬᠡ ᠲᠡᠭᠰᠢ ᠨᠡᠶᠢᠳᠡᠮ ᠳᠤ ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠣᠶ ᠪᠣᠯᠭᠠᠵᠤ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠪᠠ ᠬᠦᠷᠲᠡᠮᠵᠢ ᠶᠢᠨ ᠲᠥᠷᠥᠭᠳᠡᠯ ᠢ ᠨᠢ ᠶᠡᠭᠡ ᠪᠠᠷ ᠳᠡᠭᠡᠭᠰᠢᠯᠡᠭᠦᠯᠦᠨ᠎ᠡ᠃    ︵ᠬᠤᠶᠠᠷ︶ ᠭᠤᠣᠯ ᠡᠭᠦᠷᠭᠡ᠃ 3 ᠲᠠᠯ᠎ᠠ ᠶᠢᠨ 11 ᠵᠤᠷᠪᠤᠰ ᠪᠣᠳᠠᠲᠠᠢ ᠡᠭᠦᠷᠭᠡ ᠶᠢ ᠳᠤᠷᠠᠳᠪᠠ᠄ ᠨᠢᠭᠡ ᠳᠤ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃ ︽ᠨᠢᠭᠡ ᠠᠵᠢᠯ ᠶᠠᠪᠤᠳᠠᠯ︾ ᠤᠨ ᠥᠭᠡᠷᠡᠴᠢᠯᠡᠯᠲᠡ ᠶᠢ ᠳᠡᠰ ᠳᠡᠪᠰᠢᠭᠦᠯᠵᠦ᠂ ︽ᠨᠢᠭᠡ ᠠᠵᠢᠯ ᠶᠠᠪᠤᠳᠠᠯ︾ ᠤᠨ ᠬᠡᠪᠴᠢᠶ᠎ᠡ ᠶᠢ ᠥᠷᠭᠡᠳᠬᠡᠵᠦ᠂ ︽ᠨᠢᠭᠡ ᠠᠵᠢᠯ ᠶᠠᠪᠤᠳᠠᠯ︾ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠤᠯᠪᠣᠭᠳᠠᠯ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠩ ᠣᠯᠠᠨ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠵᠢᠯ ᠳᠠᠷᠠᠭᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ ᠲᠤ᠂ ᠴᠢᠳᠠᠮᠵᠢ ᠶᠢ ᠳᠡᠭᠡᠭᠰᠢᠯᠡᠭᠦᠯᠬᠦ ᠰᠢᠪᠲᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠰᠢᠪᠲᠤᠯᠤᠯᠲᠠ ᠶᠢ ᠳᠡᠭᠡᠭᠰᠢᠯᠡᠭᠦᠯᠵᠦ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠵᠢᠷᠤᠮᠵᠢᠯ ᠲᠠᠢ᠂ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡ︾ ᠶᠢ ᠪᠣᠶ ᠪᠣᠯᠭᠠᠨ᠎ᠠ᠃ ᠲᠠᠪᠴᠠᠩ ᠤᠨ ᠲᠤᠰᠠᠯᠠᠬᠤ ᠴᠢᠳᠠᠮᠵᠢ ᠶᠢᠨ ᠰᠢᠪᠲᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠤ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠲᠤᠰᠠᠯᠠᠮᠵᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠳ᠋ᠢᠭᠢᠲ᠋ᠠᠯ ᠮᠡᠷᠭᠡᠵᠢᠯ ᠢᠶᠠᠷ ᠡᠷᠴᠢᠮᠯᠡᠬᠦ ᠰᠢᠪᠲᠤᠯᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠰᠢᠭᠯᠠᠯᠲᠠ ᠶᠢ ᠠᠬᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠡᠶᠡᠴᠢᠯᠡᠨ ᠥᠩᠭᠡᠷᠡᠭᠦᠯᠬᠦ ᠶᠢᠨ ᠰᠢᠪᠲᠤᠯᠤᠯᠲᠠ ᠶᠢ ᠰᠢᠯᠢᠳᠡᠭᠵᠢᠭᠦᠯᠵᠦ᠂ ᠳᠤᠲᠠᠭᠳᠠᠵᠤ ᠪᠠᠶᠢᠭ᠎ᠠ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠦᠭᠡᠢ ᠪᠠᠷ ᠭᠦᠢᠴᠡᠳᠬᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠰᠢᠪᠲᠤᠯᠤᠯᠲᠠ ᠶᠢ ᠠᠬᠢᠭᠤᠯᠵᠤ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ ᠴᠢᠳᠠᠮᠵᠢ ᠶᠢ ᠳᠡᠭᠡᠭᠰᠢᠯᠡᠭᠦᠯᠬᠦ᠂ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ ᠦᠷᠳᠡᠭ ᠨᠡᠮᠡᠭᠳᠡᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠨᠠᠷᠢᠯᠢᠭᠵᠢᠭᠤᠯᠤᠨ ᠳᠤᠷᠠᠳᠪᠠ᠃ ᠭᠤᠷᠪᠠ ᠳᠤ᠂ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠯᠡ ᠥᠷᠲᠡᠭᠡ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃    ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃    ᠭᠤᠷᠪᠠ᠂ ᠨᠠᠷᠢᠨ ᠳᠠᠩᠰᠠ ᠶᠢ ᠨᠡᠶᠢᠲᠡᠯᠡᠭᠰᠡᠨ ᠨᠢ    ︽ᠬᠡᠷᠡᠭᠵᠢᠭᠦᠯᠬᠦ ᠰᠠᠨᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠭᠤᠣᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠢᠵᠢ ᠪᠦᠷᠢᠳᠦᠭᠦᠯᠦᠨ ᠲᠣᠭᠲᠠᠭᠠᠵᠤ ᠨᠡᠶᠢᠲᠡᠯᠡᠪᠡ᠂ ᠡᠭᠦᠨ ᠳᠤ᠂ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ︾ ᠨᠢ 5 ᠵᠦᠢᠯ ᠪᠣᠶ᠂ ᠡᠭᠦᠨ ᠳᠤ ︽ᠬᠤᠭᠤᠯᠠ ᠤᠮᠳᠠ ᠶᠢᠨ ᠳᠡᠯᠭᠡᠭᠦᠷ︾ ᠡᠷᠭᠢᠯᠡᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠠᠰᠤᠬᠤ᠂ ᠰᠠᠶ᠋ᠢ ᠲᠥᠷᠥᠭᠰᠡᠨ ᠬᠡᠦᠬᠡᠳ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠪᠠᠨ ᠠᠮᠠᠷᠠᠬᠤ ᠵᠡᠷᠭᠡ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠶᠢ ᠪᠠᠭᠲᠠᠭᠠᠨ᠎ᠠ︔ ᠰᠢᠨ᠎ᠡ ᠪᠠᠷ ᠨᠡᠮᠡᠭᠰᠡᠨ ᠪᠦᠲᠦᠭᠡᠨ ᠪᠠᠶᠢᠭᠤᠯᠤᠯᠲᠠ ᠶᠢᠨ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠨᠢ 8 ᠵᠦᠢᠯ ᠪᠣᠯᠣᠨ᠎ᠠ᠂ ᠡᠭᠦᠨ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ ᠴᠠᠬᠢᠯᠭᠠᠨ ᠬᠡᠢ ᠳᠤᠯᠠᠭᠠᠯᠭ᠎ᠠ ᠰᠦᠯᠵᠢᠶ᠎ᠡ ᠶᠢ ᠬᠠᠮᠲᠤᠷᠠᠨ ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢᠨ ᠬᠠᠤᠯᠢ ᠲᠣᠭᠲᠠᠭᠠᠯ ᠳᠤ ᠨᠡᠶᠢᠴᠡᠬᠦ ᠲᠤᠬᠠᠢ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠪᠠᠭᠲᠠᠨ᠎ᠠ︔ ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠨᠠᠷᠢᠨ ᠲᠠᠩᠰᠠ ᠨᠢ 3 ᠵᠦᠢᠯ ᠪᠠᠶᠢᠵᠤ᠂ ᠡᠭᠦᠨ ᠳᠤ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠪᠠᠭᠲᠠᠨ᠎ᠠ᠃ ︽ᠨᠢᠭᠡ ᠠᠵᠢᠯ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠬᠤ ᠰᠠᠯᠠᠭ᠎ᠠ ᠮᠥᠴᠢᠷ ᠢ ᠤᠯᠠᠮ ᠲᠣᠳᠣᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号